ᠭᠠᠷ ᠭᠡᠭᠡᠯᠳᠤᠬᠦᠯᠭᠡ ᠪᠤᠯ ᠤᠳᠤᠬᠠᠨ ᠤ ᠮᠠᠯ ᠭᠡᠭᠡᠯᠳᠤᠬᠦᠯᠭᠡ ᠶᠢᠨ ᠳᠠᠪᠰᠢᠩᠭᠤᠢ ᠮᠡᠷᠭᠡᠵᠢᠯ ᠮᠦᠨ᠃ ᠡᠨᠡ ᠨᠢ | ᠬᠦᠮᠦᠨ ᠤ ᠬᠦᠴᠦ ᠪᠠᠷ ᠭᠡᠭᠡᠯᠳᠤᠬᠦᠯᠦᠭᠴᠢ ᠮᠠᠯ ᠤᠨ ᠦᠷ᠎ᠠ ᠶᠢᠨ ᠰᠢᠩᠭᠡᠨ ᠢ ᠭᠠᠷᠭᠠᠨ ᠠᠪᠤᠬᠰᠠᠨ ᠤ ᠰᠡᠬᠦᠯᠡᠷ᠂ | ᠳᠤᠬᠳᠠᠬᠰᠠᠨ ᠭᠡᠮᠵᠢᠶᠡᠨ ᠤ ᠦᠷ᠎ᠠ ᠶᠢᠨ ᠰᠢᠩᠭᠡᠨ ᠢ ᠮᠧᠬᠠᠨᠢᠬ ᠪᠠᠭᠠᠵᠢ ᠪᠠᠷ ᠭᠡᠭᠡᠯᠳᠦᠭᠴᠢ ᠮᠠᠯ ᠤᠨ ᠦᠷᠡᠵᠢᠯ ᠤᠨ | ᠵᠠᠮ ᠳᠤ ᠳᠠᠮᠵᠢᠭᠤᠯᠤᠨ ᠦᠷ᠎ᠠ ᠳᠤᠬᠳᠠᠭᠠᠨ ᠲᠦᠯᠯᠡᠬᠦᠯᠳᠡᠭ᠃ ᠳᠡᠬᠦᠨ ᠤ ᠳᠠᠪᠠᠭᠤᠯᠢᠬ ᠳᠠᠯ᠎ᠠ ᠨᠢ ᠳᠤᠤᠷᠠᠬᠢ ᠮᠡᠳᠦ | ᠪᠠᠶᠢᠨ᠎ᠠ᠃ | 1. ᠦᠷ᠎ᠡ ᠶᠢᠨ ᠮᠠᠯ ᠤᠨ ᠠᠰᠢᠬᠯᠠᠮᠵᠢ ᠶᠢ ᠨᠡᠮᠡᠭᠳᠡᠬᠦᠯᠳᠡᠭ᠃ ᠡᠩ ᠤᠨ ᠭᠡᠭᠡᠯᠳᠤᠬᠦᠯᠭᠡ ᠶᠢᠨ ᠪᠠᠶᠢᠳᠡᠯ | ᠳᠤᠤᠷ᠎ᠠ ᠨᠢᠭᠡ ᠦᠷ᠎ᠡ ᠶᠢᠨ ᠮᠠᠯ ᠭᠡᠳᠤᠨ ᠠᠷᠪᠠᠨ ᠭᠡᠭᠡᠯᠳᠦᠭᠴᠢ ᠮᠠᠯ ᠢ ᠭᠡᠭᠡᠯᠳᠤᠬᠦᠯᠳᠡᠭ᠃ ᠭᠡᠳᠡᠯ᠎ᠠ ᠭᠠᠷ | ᠭᠡᠭᠡᠯᠳᠤᠬᠦᠯᠭᠡ ᠬᠢᠪᠡᠯ ᠨᠢᠭᠡ ᠦᠷ᠎ᠡ ᠶᠢᠨ ᠮᠠᠯ ᠤᠨ ᠦᠷ᠎ᠠ ᠶᠢᠨ ᠰᠢᠩᠭᠡᠨ ᠢᠶᠠᠷ ᠭᠡᠳᠤᠨ ᠲᠦᠮᠡᠨ ᠭᠡᠭᠡᠯᠳᠦᠭᠴᠢ ᠮᠠᠯ ᠢ | ᠭᠡᠭᠡᠯᠳᠤᠬᠦᠯᠵᠦ ᠪᠤᠯᠤᠨ᠎ᠠ᠃ | 2. ᠦᠷ᠎ᠡ ᠶᠢᠨ ᠮᠠᠯ ᠤᠨ ᠠᠰᠢᠬᠯᠠᠯᠳᠠ ᠶᠢ ᠰᠠᠶᠢᠵᠢᠷᠠᠭᠤᠯᠤᠬᠰᠠᠨ ᠢᠶᠠᠷ ᠭᠡᠭᠡᠯᠳᠦᠬᠦᠯᠭᠡ ᠳᠤ ᠭᠡᠷᠡᠭᠯᠡᠬᠦ ᠦᠷ᠎ᠡ | ᠶᠢᠨ ᠮᠠᠯ ᠤᠨ ᠳᠤᠭ᠎ᠠ ᠨᠢ ᠬᠠᠷᠢᠴᠠᠩᠭᠤᠢ ᠪᠠᠷ ᠴᠦᠭᠡᠷᠡᠵᠦ᠂ ᠬᠠᠮᠤᠬ ᠤᠨ ᠰᠢᠯᠢᠳᠡᠭ ᠦᠷ᠎ᠡ ᠶᠢᠨ ᠮᠠᠯ ᠢ ᠰᠤᠩᠭᠤᠨ | ᠭᠡᠷᠡᠭᠯᠡᠬᠦ ᠳᠤ ᠪᠤᠯᠤᠯᠴᠠᠭ᠎ᠠ ᠲᠠᠢ ᠪᠤᠯᠭᠠᠳᠠᠬ᠃ ᠡᠨᠡ ᠨᠢ ᠬᠠᠮᠤᠬ ᠤᠨ ᠰᠢᠯᠢᠳᠡᠭ ᠦᠷ᠎ᠠ ᠶᠢᠨ ᠮᠠᠯ ᠤᠨ ᠬᠤᠶᠢᠴᠢ | ᠦᠶ᠎ᠠ ᠶᠢ ᠲᠦᠷᠭᠡᠨ ᠦᠷᠡᠵᠢᠬᠦᠯᠬᠦ ᠪᠦᠳᠤᠮᠵᠢᠳᠠᠢ ᠠᠷᠭ᠎ᠠ ᠪᠤᠯᠤᠬᠰᠠᠨ ᠪᠦᠭᠡᠳ ᠡᠬᠦᠯᠳᠡᠷ ᠰᠠᠶᠢᠵᠢᠷᠠᠭᠤᠯᠬᠤ | ᠠᠵᠢᠯ ᠤᠨ ᠬᠦᠴᠦᠳᠠᠢ ᠠᠷᠭ᠎ᠠ ᠭᠡᠮᠵᠢᠶ᠎ᠠ ᠪᠤᠯᠤᠨ᠎ᠠ᠃ | 3. ᠭᠡᠭᠡᠯᠳᠤᠬᠦᠯᠭᠡ ᠳᠤ ᠭᠡᠷᠡᠭᠯᠡᠬᠦ ᠦᠷ᠎ᠡ ᠶᠢᠨ ᠮᠠᠯ ᠤᠨ ᠳᠤᠭ᠎ᠠ ᠨᠢ ᠬᠠᠷᠢᠴᠠᠩᠭᠤᠢ ᠴᠦᠭᠡᠷᠡᠭᠰᠡᠨ ᠳᠤᠯᠠ | ᠦᠷ᠎ᠡ ᠶᠢᠨ ᠮᠠᠯ ᠢ ᠠᠷᠠᠴᠢᠯᠡᠨ ᠳᠡᠵᠢᠭᠡᠬᠦ ᠡᠪᠡᠰᠦ ᠪᠤᠷᠳᠤᠭ᠎ᠠ᠂ ᠬᠦᠮᠦᠨ ᠤ ᠬᠦᠴᠦ ᠪᠠ ᠡᠳ᠋ ᠪᠤᠳᠠᠰ ᠤᠨ ᠵᠠᠷᠤᠳᠠᠯ ᠢ | ᠶᠡᠭᠡᠪᠡᠷ ᠪᠠᠭᠠᠰᠬᠠᠵᠦ ᠴᠢᠳᠠᠨ᠎ᠠ᠃ | 4. ᠭᠠᠷ ᠭᠡᠭᠡᠯᠳᠤᠬᠦᠯᠭᠡ ᠨᠢ ᠨᠠᠷᠢᠨ ᠨᠢᠮᠪᠠᠢ ᠠᠵᠢᠯᠯᠠᠬᠤ ᠲᠦᠷᠢᠮ ᠪᠠ ᠠᠷᠢᠭᠤᠳᠬᠠᠬᠤ ᠲᠦᠷᠢᠮ ᠢ | ᠭᠡᠷᠡᠭᠵᠢᠬᠦᠯᠳᠡᠭ ᠤᠴᠢᠷ ᠠᠴᠠ ᠡᠷᠡᠬᠦᠯ ᠦᠷ᠎ᠡ ᠶᠢᠨ ᠮᠠᠯ ᠢ ᠭᠡᠷᠡᠭᠯᠡᠳᠡᠭ ᠯᠠ ᠶᠤᠮ ᠪᠤᠯ ᠮᠠᠰᠢ ᠤᠯᠠᠨ ᠡᠪᠡᠳᠴᠢᠨ | ᠭᠡᠮ ᠢ ᠰᠡᠷᠭᠡᠶᠢᠯᠡᠵᠦ ᠴᠢᠳᠠᠨ᠎ᠠ᠃ ᠤᠨᠴᠠᠭᠠᠢᠢᠯᠠᠨ ᠦᠷᠡᠵᠢᠯ ᠤᠨ ᠵᠠᠮ ᠤᠨ ᠬᠠᠯᠳᠠᠪᠤᠷᠢᠳᠦ ᠡᠪᠡᠳᠴᠢᠨ ᠢ ᠰᠡᠷᠭᠡᠶᠢᠯᠡᠵᠦ | ᠴᠢᠳᠡᠳᠠᠬ᠃ | 5. ᠭᠠᠷ ᠭᠡᠭᠡᠯᠳᠤᠬᠦᠯᠭᠡ ᠨᠢ ᠪᠦᠷᠢᠨ ᠪᠦᠳᠦᠨ ᠳᠡᠮᠳᠡᠭᠯᠡᠯ ᠲᠠᠢ ᠤᠴᠢᠷ ᠠᠴᠠ ᠭᠡᠭᠡᠯᠳᠤᠬᠦ ᠦᠭᠡᠢ ᠮᠠᠯ ᠢ | ᠳᠠᠶᠠᠬᠳᠠᠵᠦ᠂ ᠭᠡᠭᠡᠯ ᠳᠤᠬᠳᠠᠬᠤ ᠨᠤᠷᠮ᠎ᠠ ᠶᠢ ᠳᠡᠭᠡᠭᠰᠢᠯᠡᠬᠦᠯᠬᠦ ᠳᠤ ᠠᠰᠢᠬᠳᠠᠢ᠃ ᠪᠠᠰᠠ ᠤᠳᠤᠮ ᠤᠬᠰᠠᠭ᠎ᠠ ᠨᠢ | ᠳᠤᠳᠤᠷᠬᠠᠢ ᠪᠤᠯᠬᠤᠷ ᠡᠬᠦᠯᠳᠡᠷ ᠪᠤᠶᠢᠵᠢᠭᠤᠯᠬᠤ ᠠᠵᠢᠯ ᠢ ᠰᠢᠰᠲ᠋ᠧᠮ ᠲᠠᠢ ᠬᠢᠬᠦ ᠳᠤ ᠠᠰᠢᠬ ᠲᠠᠢ ᠪᠠᠶᠢᠳᠠᠬ᠃ | 6. ᠦᠷ᠎ᠠ ᠶᠢ ᠢᠴᠡᠭᠡᠯᠡᠬᠦᠯᠤᠨ ᠬᠠᠳᠠᠭᠠᠯᠠᠵᠦ ᠪᠤᠯᠬᠤ ᠤᠴᠢᠷ ᠠᠴᠠ ᠮᠠᠯ ᠭᠡᠭᠡᠯᠳᠤᠬᠦᠯᠭᠡ ᠶᠢᠨ ᠠᠵᠢᠯ ᠨᠢ | ᠭᠠᠵᠠᠷ ᠤᠷᠤᠨ ᠳᠤ ᠬᠢᠵᠠᠭᠠᠷᠯᠠᠬᠳᠠᠬᠤ ᠦᠭᠡᠢ ᠪᠦᠭᠡᠳ ᠦᠷ᠎ᠡ ᠶᠢᠨ ᠮᠠᠯ ᠬᠦᠷᠦᠯᠴᠡᠬᠦ ᠦᠭᠡᠢ ᠠᠰᠠᠭᠤᠳᠠᠯ ᠢ | ᠰᠢᠢᠳᠪᠦᠷᠢᠯᠡᠵᠦ ᠪᠤᠯᠤᠨ᠎ᠠ᠃ | 7. ᠢᠴᠡᠭᠡᠯ ᠦᠷ᠎ᠠ ᠤᠷᠤᠭᠤᠯᠬᠤ ᠠᠷᠭ᠎ᠠ ᠪᠠᠷ ᠭᠠᠳᠠᠭᠠᠳᠦ ᠤᠯᠤᠰ ᠪᠠ ᠪᠤᠰᠤᠳ ᠭᠠᠵᠠᠷ ᠤᠷᠤᠨ ᠠᠴᠠ | ᠰᠠᠶᠢᠨ ᠡᠬᠦᠯᠳᠡᠷ ᠤᠨ ᠦᠷ᠎ᠡ ᠶᠢᠨ ᠮᠠᠯ ᠤᠷᠤᠭᠤᠯᠬᠤ ᠠᠵᠢᠯ ᠢ ᠤᠷᠤᠯᠠᠭᠤᠯᠵᠦ ᠪᠤᠯᠤᠨ᠎ᠠ᠃ | 8. ᠦᠷ᠎ᠡ ᠶᠢᠨ ᠮᠠᠯ ᠪᠠ ᠭᠡᠭᠡᠯᠳᠦᠭᠴᠢ ᠮᠠᠯ ᠤᠨ ᠪᠡᠶ᠎ᠠ ᠶᠢᠨ ᠶᠡᠭᠡ ᠪᠠᠭ᠎ᠠ ᠶᠢᠨ ᠵᠦᠷᠢᠶ᠎ᠠ ᠪᠠ ᠦᠷᠡᠵᠢᠯ ᠤᠨ | ᠵᠠᠮ ᠤᠨ ᠭᠡᠪ ᠤᠨ ᠪᠤᠰᠦ ᠠᠴᠠ ᠪᠤᠯᠵᠦ ᠭᠡᠭᠡᠯᠳᠤᠬᠦ ᠤᠴᠢᠷ ᠶᠠᠪᠤᠳᠠᠯ ᠭᠠᠷᠬᠤ ᠶᠢ ᠰᠡᠷᠭᠡᠶᠢᠯᠡᠵᠦ ᠴᠢᠳᠠᠨ᠎ᠠ᠃ | 9. ᠠᠳᠠᠯᠢ ᠪᠤᠰᠦ ᠰᠢᠯᠢᠳᠡᠭ ᠦᠷ᠎ᠡ ᠶᠢᠨ ᠮᠠᠯ ᠤᠨ ᠦᠷ᠎ᠠ ᠶᠢ ᠲᠦᠯᠦᠪᠯᠡᠭᠡ ᠲᠠᠢ ᠪᠠᠷ ᠡᠭᠡᠯᠵᠢᠯᠡᠨ ᠭᠡᠷᠡᠭᠯᠡᠵᠦ | ᠪᠤᠯᠬᠤ ᠳᠤᠯᠠ ᠤᠢᠢᠷ᠎ᠠ ᠲᠦᠷᠦᠯ ᠤᠨ ᠭᠡᠭᠡᠯᠳᠤᠬᠦᠯᠭᠡ ᠠᠴᠠ ᠪᠤᠯᠬᠤ ᠤᠳᠤᠮᠯᠠᠯ ᠤᠨ ᠳᠤᠷᠦ᠋ᠢᠳᠠᠯ ᠢ ᠰᠡᠷᠭᠡᠶᠢᠯᠡᠵᠦ | ᠴᠢᠳᠠᠨ᠎ᠠ᠃ | 10. ᠪᠡᠶᠡᠳᠡᠬᠦᠯᠵᠦ ᠭᠡᠭᠡᠯᠳᠤᠬᠦᠯᠬᠦ ᠠᠴᠠ ᠪᠤᠯᠳᠠᠬ ᠭᠡᠮᠳᠤᠯ ᠬᠤᠪᠢᠷᠠᠯ ᠢ ᠰᠡᠷᠭᠡᠶᠢᠯᠡᠵᠦ ᠴᠢᠳᠠᠨ᠎ᠠ᠃ ᠭᠠᠷ | ᠭᠡᠭᠡᠯᠳᠤᠬᠦᠯᠭᠡ ᠨᠢ ᠮᠠᠯ ᠠᠵᠦ ᠠᠬᠤᠢ ᠶᠢᠨ ᠦᠢᠯᠡᠳᠪᠦᠷᠢᠯᠡᠯ ᠪᠠ ᠰᠢᠨᠵᠢᠯᠡᠬᠦ ᠤᠬᠠᠭᠠᠨ ᠰᠤᠳᠤᠯᠭᠠᠨ ᠤ ᠠᠬᠢᠴᠠ ᠶᠢ | ᠲᠦᠷᠭᠡᠳᠭᠡᠨ᠂ ᠮᠠᠯ ᠤᠨ ᠶᠠᠰᠦ ᠴᠢᠨᠠᠷ ᠢ ᠰᠠᠶᠢᠵᠢᠷᠠᠭᠤᠯᠬᠤ ᠪᠠ ᠮᠠᠯ ᠤᠨ ᠳᠤᠭ᠎ᠠ ᠶᠢ ᠨᠡᠮᠡᠭᠳᠡᠬᠦᠯᠬᠦ ᠳᠤ ᠳᠤᠳᠠᠬᠳᠠᠵᠦ | ᠪᠤᠯᠤᠰᠢ ᠦᠭᠡᠢ ᠮᠡᠷᠭᠡᠵᠢᠯ ᠤᠨ ᠠᠷᠭ᠎ᠠ ᠪᠠᠷᠢᠯ ᠪᠤᠯᠬᠤ ᠪᠦᠭᠡᠳ ᠬᠦᠳᠡᠭᠡ ᠳᠤᠰᠬᠤᠨ ᠮᠠᠯᠵᠢᠬᠤ ᠤᠷᠤᠨ ᠳᠤ ᠡᠷᠭᠡᠪᠰᠢ | ᠲᠦᠭᠡᠮᠡᠯᠵᠢᠬᠦᠯᠬᠦ ᠮᠡᠷᠭᠡᠵᠢᠯ ᠪᠤᠯᠬᠤ ᠶᠤᠮ᠃ ᠭᠠᠷ ᠭᠡᠭᠡᠯᠳᠤᠬᠦᠯᠭᠡ ᠶᠢ ᠰᠠᠶᠢᠨ ᠬᠢᠬᠦ ᠳᠤ ᠦᠷ᠎ᠡ ᠶᠢᠨ ᠮᠠᠯ ᠠᠴᠠ | ᠦᠷ᠎ᠠ ᠠᠪᠬᠤ᠂ ᠦᠷ᠎ᠠ ᠶᠢᠨ ᠰᠢᠩᠭᠡᠨ ᠢ ᠪᠠᠶᠢᠴᠠᠭᠠᠬᠤ᠂ ᠰᠢᠩᠭᠡᠷᠡᠬᠦᠯᠬᠦ ᠪᠠ ᠬᠠᠳᠠᠭᠠᠯᠠᠬᠤ᠂ ᠦᠷ᠎ᠠ ᠳᠠᠮᠵᠢᠭᠤᠯᠬᠤ᠂ | ᠭᠡᠭᠡᠯᠳᠦᠭᠴᠢ ᠮᠠᠯ ᠤᠨ ᠤᠷᠤᠭ᠎ᠠ ᠶᠢ ᠳᠤᠳᠤᠯᠠᠬᠤ ᠪᠠ ᠭᠡᠭᠡᠯ ᠢ ᠳᠤᠳᠤᠯᠠᠬᠤ ᠵᠡᠷᠭᠡ ᠮᠡᠷᠭᠡᠵᠢᠯ ᠤᠨ ᠶᠠᠪᠤᠴᠠ ᠶᠢ | ᠬᠦᠢᠴᠡᠳᠭᠡᠬᠦ ᠭᠡᠷᠡᠭᠳᠠᠢ᠃ |