4 ᠰᠠᠷ᠎ᠠ ᠠᠴᠠ ᠡᠬᠢᠯᠡᠨ ᠬᠡᠷᠡᠭᠵᠢᠭᠦᠯᠦᠭᠰᠡᠨ ᠰᠢᠨ᠎ᠡ ᠳᠦᠷᠢᠮ ᠲᠤᠬᠳᠠᠭᠠᠯ ᠤᠳ
ᠨᠡᠶᠢᠲᠡᠯᠡᠭᠰᠡᠨ ᠴᠠᠭ᠄
2021/4/9
    1᠂ ᠭᠠᠶᠢᠯᠢ ᠶᠢᠨ ᠬᠠᠷᠠᠭᠠᠯᠵᠠᠯ ᠢ 12 ᠰᠠᠷ᠎ᠠ ᠶᠢᠨ 31 ᠪᠤᠯᠳᠠᠯ᠎ᠠ ᠤᠷᠳᠤᠳᠬᠠᠨ᠎ᠠ     ᠡᠳ᠋ ᠤᠨ ᠵᠠᠰᠠᠭ ᠤᠨ ᠶᠠᠮᠤᠨ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠬᠠᠮᠲᠤᠷᠠᠨ ᠳᠠᠷᠬᠠᠭᠠᠭᠰᠠᠨ ︽ᠬᠢᠵᠢᠭ ᠤᠨ ᠪᠠᠶᠢᠳᠠᠯ ᠢ  ᠠᠷᠭᠠᠴᠠᠬᠤ ᠶᠢᠨ ᠲᠦᠯᠦᠭᠡ ᠬᠡᠰᠡᠭ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠲᠤᠬᠠᠶ ᠠᠯᠪᠠᠨ ᠵᠠᠷᠯᠠᠯ︾᠎ ᠳᠤ᠂ ︽ᠬᠤᠪᠢ ᠶᠢᠨ  ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠡᠮᠵᠢᠬᠦ ᠨᠡᠮᠡᠭᠳᠡᠯ ᠤᠨ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ ᠲᠤᠬᠠᠶ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷᠯᠠᠯ︾᠎ ᠳᠤ ᠲᠣᠭᠲᠠᠭᠠᠭᠰᠠᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ 2021 ᠣᠨ ᠤ 12 ᠰᠠᠷ᠎ᠠ ᠶᠢᠨ 31 ᠪᠣᠯᠲᠠᠯ᠎ᠠ ᠤᠷᠲᠤᠳᠬᠠᠨ ᠬᠡᠷᠡᠭᠵᠢᠭᠦᠯᠦᠨ᠎ᠠ ᠭᠡᠪᠡ᠃     2᠂ ᠤᠯᠤᠰ ᠤᠨ ᠲᠥᠯᠥᠪᠦᠷᠢ ᠶᠢᠨ ᠬᠡᠷᠡᠭ ᠤᠨ ᠣᠶᠤᠨ ᠤ ᠬᠤᠬᠢᠷᠠᠯ ᠤᠨ ᠲᠣᠬᠤᠨᠢᠭᠤᠯᠬᠤ ᠮᠥᠩᠭᠦ ᠶᠢᠨ ᠪᠠᠷᠢᠮᠵᠢᠶ᠎ᠠ ᠶᠢ ᠳᠡᠭᠡᠭᠰᠢᠯᠡᠭᠦᠯᠤᠨ᠎ᠡ     ᠠᠷᠠᠳ ᠤᠨ ᠳᠡᠭᠡᠳᠦ ᠰᠢᠭᠦᠬᠦ ᠬᠤᠷᠢᠶ᠎ᠠ ᠣᠶᠢᠷ᠎ᠠ ᠳᠤ ᠤᠯᠤᠰ ᠤᠨ ᠲᠥᠯᠥᠪᠦᠷᠢ ᠶᠢᠨ ᠬᠡᠷᠡᠭ ᠢ ᠰᠢᠭᠦᠬᠦ ᠳᠤ ᠣᠶᠤᠨ ᠤ ᠬᠤᠬᠢᠷᠠᠯ ᠤᠨ ᠲᠥᠯᠥᠪᠦᠷᠢ ᠶᠢᠨ ᠬᠠᠷᠢᠭᠤᠴᠠᠯᠭ᠎ᠠ ᠶᠢ ᠲᠣᠭᠲᠠᠭᠠᠬᠤ ᠳᠤ ᠳᠤᠬᠢᠷᠠᠬᠤ ᠬᠠᠤᠯᠢ ᠴᠠᠭᠠᠵᠠ ᠶᠢᠨ ᠠᠰᠠᠭᠤᠳᠠᠯ ᠤᠳ ᠤᠨ ᠲᠤᠬᠠᠶ ᠲᠠᠶᠢᠯᠤᠮᠵᠢ ᠶᠢ ᠨᠡᠶᠢᠳᠡᠯᠡᠵᠦ᠂ 2021 ᠣᠨ ᠤ 4 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠪᠠ᠃ ᠲᠠᠶᠢᠯᠤᠮᠵᠢ ᠳᠤ᠂ ᠬᠦᠨᠳᠦ ᠨᠣᠴᠢᠲᠠᠢ ᠦᠷ᠎ᠠ ᠳ᠋ᠦᠩ ᠳᠤ ᠬᠦᠷᠦᠭᠰᠡᠨ ᠪᠤᠯ᠂ ᠤᠶᠤᠨ ᠤ ᠬᠤᠬᠢᠷᠠᠯ ᠤᠨ ᠲᠣᠬᠤᠨᠢᠭᠤᠯᠬᠤ ᠮᠥᠩᠭᠦ ᠶᠢ ᠡᠩ ᠤᠨ ᠪᠠᠶᠢᠳᠠᠯ ᠳᠤ ᠤᠯᠤᠰ ᠤᠨ ᠲᠥᠯᠥᠪᠦᠷᠢ ᠶᠢᠨ ᠬᠠᠤᠯᠢ ᠶᠢᠨ ᠭᠤᠴᠢᠨ ᠭᠤᠷᠪᠠᠳᠤᠭᠠᠷ ᠵᠦᠢᠯ᠂ ᠭᠤᠴᠢᠨ ᠳᠥᠷᠪᠡᠳᠦᠭᠡᠷ ᠵᠦᠢᠯ ᠳᠤ ᠲᠣᠭᠲᠠᠭᠠᠭᠰᠠᠨ ᠪᠡᠶ᠎ᠡ ᠶᠢᠨ ᠡᠷᠬᠡ ᠴᠢᠯᠥᠭᠡ ᠶᠢᠨ ᠲᠥᠯᠥᠪᠦᠷᠢ ᠮᠥᠩᠭᠦ᠂ ᠠᠮᠢ ᠨᠠᠰᠤᠨ ᠤ ᠡᠷᠡᠭᠦᠯ ᠮᠡᠨᠳᠦ ᠶᠢᠨ ᠲᠥᠯᠥᠪᠦᠷᠢ ᠮᠥᠩᠭᠦ ᠶᠢᠨ ᠶᠡᠷᠦᠩᠬᠡᠢ ᠬᠡᠮᠵᠢᠶᠡᠨ ᠤ 50%᠎ ᠠᠴᠠ ᠲᠤᠷᠤᠭᠰᠢ ︵50 %᠎ ᠶᠢ ᠪᠠᠭᠲᠠᠭᠠᠨ᠎ᠠ︶ ᠪᠠᠶᠢᠬᠤ ᠪᠠᠷ ᠪᠠᠶᠢᠳᠠᠯ ᠢ ᠨᠢ ᠦᠵᠡᠵᠦ ᠲᠣᠭᠲᠠᠭᠠᠬᠤ ᠬᠡᠷᠡᠭᠲᠡᠢ ᠭᠡᠰᠡᠨ ᠤ ᠬᠠᠮᠲᠤ᠂ ᠣᠨᠴᠠᠭᠠᠢ ᠬᠦᠨᠳᠦ ᠨᠣᠴᠢᠲᠠᠢ ᠦᠷ᠎ᠠ ᠳ᠋ᠦᠩ ᠳᠤ ᠬᠦᠷᠦᠭᠰᠡᠨ ᠵᠡᠷᠭᠡ ᠣᠨᠴᠠᠭᠠᠢ ᠪᠠᠶᠢᠳᠠᠯ ᠳᠤ 50%᠎ ᠠᠴᠠ ᠳᠡᠭᠡᠭᠰᠢ ᠪᠠᠷ ᠪᠠᠶᠢᠳᠠᠯ ᠢ ᠨᠢ ᠦᠵᠡᠵᠦ ᠲᠣᠭᠲᠠᠭᠠᠵᠤ ᠪᠣᠯᠤᠨ᠎ᠠ ᠭᠡᠪᠡ᠃     3᠂ ᠪᠠᠭ᠎ᠠ ᠵᠢᠵᠢᠭ ᠬᠡᠯᠪᠡᠷᠢ ᠶᠢᠨ ᠠᠶᠠᠨᠴᠢᠤᠨ ᠤᠨ ᠲᠡᠷᠭᠡ ᠳᠦᠷᠢᠶᠡᠰᠦᠯᠡᠭᠴᠢ ᠲᠡᠷᠭᠡ ᠪᠠᠨ ᠳᠠᠭᠠᠭᠰᠠᠨ ᠵᠢᠯᠤᠭᠤᠴᠢ ᠶᠢᠨ ᠬᠦᠳᠡᠯᠮᠦᠷᠢ ᠦᠢᠯᠡᠴᠢᠯᠡᠭᠡ ᠬᠠᠩᠭᠠᠵᠤ ᠪᠤᠯᠬᠤ ᠦᠭᠡᠢ     ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ︽ᠪᠠᠭ᠎ᠠ ᠵᠢᠵᠢᠭ ᠬᠡᠯᠪᠡᠷᠢ ᠶᠢᠨ ᠠᠶᠠᠨᠴᠢᠳ ᠤᠨ ᠲᠡᠷᠭᠡ ᠶᠢ ᠲᠦᠷᠢᠶᠡᠰᠦᠯᠡᠬᠦ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ︾᠎ ᠶᠢ ᠲᠣᠭᠲᠠᠭᠠᠵᠤ᠂ 2021 ᠣᠨ ᠤ 4 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠪᠠ᠃ ︽ᠠᠷᠭ᠎ᠠ︾᠎ ᠳᠤ᠂ ᠪᠠᠭ᠎ᠠ ᠵᠢᠵᠢᠭ ᠬᠡᠯᠪᠡᠷᠢ ᠶᠢᠨ ᠠᠶᠠᠨᠴᠢᠤᠨ ᠤᠨ ᠲᠡᠷᠭᠡ ᠳᠦᠷᠢᠶᠡᠰᠦᠯᠡᠭᠴᠢ ᠲᠡᠷᠭᠡ ᠪᠠᠨ ᠳᠠᠭᠠᠭᠰᠠᠨ ᠵᠢᠯᠤᠭᠤᠴᠢ ᠶᠢᠨ ᠬᠦᠳᠡᠯᠮᠦᠷᠢ ᠦᠢᠯᠡᠴᠢᠯᠡᠭᠡ ᠬᠠᠩᠭᠠᠵᠤ ᠪᠤᠯᠬᠤ ᠦᠭᠡᠢ᠃ ᠮᠠᠰᠢᠨ ᠲᠡᠷᠭᠡᠨ ᠤ ᠬᠡᠷᠡᠭᠯᠡᠭᠡᠨ ᠤ ᠰᠢᠨᠵᠢ ᠴᠢᠨᠠᠷ ᠢ ᠳᠦᠷᠢᠶᠡᠰᠦᠯᠡᠬᠦ ᠪᠠᠷ ᠳᠠᠩᠰᠠᠯᠠᠭᠤᠯᠤᠭᠰᠠᠨ ᠪᠠᠭ᠎ᠠ ᠵᠢᠵᠢᠭ ᠬᠡᠯᠪᠡᠷᠢ ᠶᠢᠨ ᠠᠶᠠᠨᠴᠢᠳ ᠤᠨ ᠲᠡᠷᠭᠡ ᠶᠢ ᠵᠠᠮ ᠲᠡᠭᠡᠭᠡᠪᠦᠷᠢ ᠶᠢᠨ ᠡᠵᠡᠩᠨᠡᠯᠲᠡ ᠳᠤ ᠳᠤᠷ᠎ᠠ ᠪᠠᠷ ᠢᠶᠠᠨ ᠬᠡᠷᠡᠭᠯᠡᠵᠦ ᠪᠣᠯᠬᠤ ᠥᠬᠡᠶ᠃ ᠪᠠᠭ᠎ᠠ ᠵᠢᠵᠢᠭ ᠬᠡᠯᠪᠡᠷᠢ ᠶᠢᠨ ᠠᠶᠠᠨᠴᠢᠳ ᠤᠨ ᠲᠡᠷᠭᠡ ᠶᠢ ᠲᠦᠷᠢᠶᠡᠰᠦᠯᠡᠨ ᠵᠠᠮ ᠲᠡᠭᠡᠭᠡᠪᠦᠷᠢ ᠶᠢᠨ ᠡᠵᠡᠩᠨᠡᠯᠲᠡ ᠬᠢᠬᠦ ᠳᠤ᠂ ᠡᠷᠬᠡᠪᠰᠢ ᠤᠷᠢᠳ ᠢᠶᠠᠷ ᠬᠠᠮᠢᠶ᠎ᠠ ᠪᠥᠬᠦᠶ ᠳᠤᠭᠳᠠᠭᠠᠯ ᠶᠤᠰᠤᠭᠠᠷ ᠵᠠᠰᠠᠭ ᠵᠠᠬᠢᠷᠭᠠᠨ ᠤ ᠵᠥᠪᠰᠢᠶᠡᠷᠡᠯ ᠪᠠ ᠮᠠᠰᠢᠨ ᠲᠡᠷᠭᠡᠨ ᠤ ᠬᠡᠷᠡᠭᠯᠡᠭᠡᠨ ᠤ ᠰᠢᠨᠵᠢ ᠴᠢᠨᠠᠷ ᠢ ᠬᠤᠪᠢᠷᠠᠭᠤᠯᠬᠤ ᠭᠠᠷᠳᠠᠮ ᠭᠦᠢᠴᠡᠳᠭᠡᠬᠦ ᠬᠡᠷᠡᠭᠳᠠᠢ ᠭᠡᠵᠦ ᠲᠤᠳᠤᠷᠬᠠᠢ ᠳᠤᠭᠳᠠᠭᠠᠪᠠ᠃     4᠂ ᠨᠠᠰᠤᠲᠠᠶᠢᠴᠤᠳ ᠬᠢᠯᠢ ᠪᠠᠷ ᠣᠷᠣᠵᠤ ᠭᠠᠷᠬᠤ ᠳᠤ ᠨᠡᠩ ᠲᠦᠭᠦᠮ ᠪᠤᠯᠤᠨ᠎ᠡ     ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ 2021 ᠣᠨ ᠤ 4 ᠰᠠᠷ᠎ᠠ ᠶᠢᠨ 1᠎ ᠤ ᠡᠳᠦᠷ ᠠᠴᠠ ᠡᠬᠢᠯᠡᠨ ᠨᠠᠰᠤᠲᠠᠶᠢᠴᠤᠳ ᠬᠢᠯᠢ ᠪᠠᠷ ᠣᠷᠣᠵᠤ ᠭᠠᠷᠬᠤ ᠦᠨᠡᠮᠯᠡᠯ ᠭᠦᠢᠴᠡᠳᠭᠡᠬᠦ ᠳᠤ ᠲᠥᠬᠦᠮ ᠦᠵᠡᠭᠦᠯᠬᠦ 6 ᠵᠦᠢᠯ ᠤᠨ ᠰᠢᠨ᠎ᠡ ᠠᠷᠭ᠎ᠠ ᠬᠡᠮᠵᠢᠶ᠎ᠡ ᠶᠢ ᠭᠡᠷᠡᠭᠵᠢᠭᠦᠯᠪᠠ᠃ ᠨᠠᠰᠤᠲᠠᠶᠢᠴᠤᠳ ᠰᠦᠯᠵᠢᠶᠡᠨ ᠳᠡᠭᠡᠷ᠎ᠡ ᠪᠣᠯᠵᠣᠬᠤ ᠴᠢᠬᠤᠯᠠ ᠥᠬᠡᠶ ᠪᠠᠷ ᠰᠢᠭᠤᠳ ᠬᠢᠯᠢ ᠪᠠᠷ ᠤᠷᠤᠵᠤ ᠭᠠᠷᠬᠤ ᠦᠨᠡᠮᠯᠡᠯ ᠭᠦᠢᠴᠡᠳᠭᠡᠬᠦ ᠲᠢᠩᠬᠢᠮ ᠤᠨ ᠴᠣᠩᠬᠤᠪᠴᠢ ᠳᠤ ᠬᠦᠷᠴᠦ ᠭᠠᠷᠳᠠᠮ  ᠬᠦᠢᠴᠡᠳᠭᠡᠵᠣ ᠪᠣᠯᠤᠨ᠎ᠠ︔ ᠬᠢᠯᠢ ᠪᠠᠷ ᠤᠷᠤᠵᠤ ᠭᠠᠷᠬᠤ ᠦᠨᠡᠮᠯᠡᠯ ᠭᠦᠢᠴᠡᠳᠭᠡᠬᠦ ᠲᠢᠩᠬᠢᠮ ᠤᠨ ᠠᠦ᠋ᠲ᠋ᠣ᠋ ᠲᠥᠬᠦᠭᠡᠷᠦᠮᠵᠢ ᠶᠢᠨ ᠬᠠᠪᠢ ᠳᠠᠬᠢ ᠬᠥᠮᠦᠨ ᠤ ᠬᠦᠴᠦᠨ ᠤ ᠵᠢᠯᠤᠭᠤᠳᠤᠮᠵᠢ ᠶᠢᠨ  ᠦᠢᠯᠡᠴᠢᠯᠡᠭᠡ ᠶᠢ ᠴᠢᠩᠭᠠᠳᠬᠠᠨ᠎ᠠ︔ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠡᠩ ᠤᠨ ᠫᠠᠰᠫᠣᠷᠲ᠂ ᠰᠢᠶᠠᠩᠭᠠᠩ ᠣᠣᠮᠧᠨ ᠢᠶᠠᠷ ᠬᠦᠷᠬᠦ ᠦᠨᠡᠮᠯᠡᠯ ᠪᠤᠶᠤ ᠲᠠᠶᠢᠸᠠᠨ ᠢᠶᠠᠷ ᠬᠦᠷᠬᠦ ᠦᠨᠡᠮᠯᠡᠯ ᠭᠦᠢᠴᠡᠳᠭᠡᠬᠦ ᠳᠤ᠂ 5 ᠵᠢᠯ ᠤᠨ ᠲᠤᠳᠤᠷᠠᠬᠢ ᠬᠢᠯᠢ ᠪᠠᠷ ᠤᠷᠤᠵᠤ ᠭᠠᠷᠬᠤ ᠦᠨᠡᠮᠯᠡᠯ ᠭᠦᠢᠴᠡᠳᠭᠡᠬᠦ ᠳᠤ ᠬᠡᠷᠡᠭᠯᠡᠵᠦ ᠥᠩᠭᠡᠷᠡᠭᠰᠡᠨ ᠬᠡᠷᠡᠯ ᠵᠢᠷᠤᠭ ᠪᠤᠶᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠬᠡᠷᠡᠯ ᠵᠢᠷᠤᠭ ᠢ ᠰᠢᠭᠤᠳ ᠬᠡᠷᠡᠭᠯᠡᠵᠦ ᠪᠣᠯᠤᠨ᠎ᠠ︔ ᠤᠯᠠᠨ ᠵᠦᠢᠯ ᠤᠨ ᠰᠦᠢᠳᠭᠡᠯ ᠲᠤᠰᠢᠶᠠᠬᠤ ᠠᠷᠭ᠎ᠠ ᠬᠡᠯᠪᠡᠷᠢ ᠬᠠᠩᠭᠠᠨ᠎ᠠ︔     ᠲᠥᠷᠥᠯ ᠰᠠᠳᠤᠨ ᠨᠠᠶᠢᠵᠠ ᠨᠥᠬᠦᠳ ᠠᠴᠠ ᠣᠷᠣᠯᠠᠨ ᠭᠦᠢᠴᠡᠳᠭᠡᠬᠦ ᠵᠡᠷᠭᠡ ᠦᠢᠯᠡᠴᠢᠯᠡᠭᠡ ᠶᠢ ᠨᠡᠮᠡᠭᠳᠡᠭᠦᠯᠵᠦ᠂ ᠳᠡᠯᠭᠡᠴᠡ ᠳᠡᠭᠡᠷᠡᠬᠢ ᠦᠰᠦᠭ ᠤᠨ ᠲᠢᠭ ᠢ ᠶᠡᠬᠡᠰᠭᠡᠵᠦ ᠪᠤᠯᠬᠤ ᠪᠤᠯᠭᠠᠨ᠎ᠠ︔ ᠦᠨᠡᠮᠯᠡᠯ ᠤᠨ ᠲᠦᠷᠭᠡᠨ ᠬᠦᠷᠭᠡᠯᠳᠡ ᠶᠢᠨ ᠦᠢᠯᠡᠴᠢᠯᠡᠭᠡ ᠬᠠᠩᠭᠠᠨ᠎ᠠ᠃     5᠂ ᠠᠷᠠᠳ ᠤᠨ ᠠᠭᠠᠷ ᠤᠨ ᠠᠶᠠᠯᠠᠯ ᠤᠨ ᠬᠥᠭᠵᠢᠯᠲᠡ ᠶᠢᠨ ᠰᠠᠭᠤᠷᠢ ᠮᠦᠩᠬᠦ ᠳᠠᠳᠠᠪᠤᠷᠢᠯᠠᠬᠤ ᠪᠠᠷᠢᠮᠵᠢᠶ᠎ᠠ ᠶᠢ ᠳᠠᠬᠢᠨᠳᠠ ᠪᠠᠭᠤᠷᠠᠭᠤᠯᠤᠨ᠎ᠠ     ᠡᠳ᠋ ᠤᠨ ᠵᠠᠰᠠᠭ ᠤᠨ ᠶᠠᠮᠤᠨ ᠤ ᠳᠠᠷᠤᠮᠠᠯᠯᠠᠨ ᠲᠠᠷᠬᠠᠭᠠᠭᠰᠠᠨ ︽ᠭᠠᠷᠠᠮ ᠤᠨ ᠪᠥᠲᠥᠭᠡᠨ ᠪᠠᠶᠢᠭᠤᠯᠤᠯᠲᠠ ᠶᠢᠨ ᠵᠠᠷᠤᠳᠠᠯ ᠢ ᠬᠦᠴᠦᠨ ᠥᠬᠡᠶ ᠪᠣᠯᠭᠠᠬᠤ ᠪᠠ ᠠᠷᠠᠳ ᠤᠨ ᠠᠭᠠᠷ ᠤᠨ ᠠᠶᠠᠯᠠᠯ ᠤᠨ ᠬᠥᠭᠵᠢᠯᠲᠡ ᠶᠢᠨ ᠰᠠᠭᠤᠷᠢ  ᠮᠦᠩᠭᠦᠨ ᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠲᠤᠬᠠᠶ ᠠᠯᠪᠠᠨ ᠵᠠᠷᠯᠠᠯ︾᠎ ᠳᠤ᠂ 2021 ᠣᠨ ᠤ 4 ᠰᠠᠷ᠎ᠠ ᠶᠢᠨ 1᠎ ᠠᠴᠠ ᠡᠬᠢᠯᠡᠨ᠂ ᠠᠭᠠᠷ ᠤᠨ ᠠᠶᠠᠯᠠᠯ ᠤᠨ ᠺᠣᠮᠫᠠᠨᠢ ᠶᠢᠨ ᠳᠠᠳᠠᠪᠤᠷᠢᠯᠠᠬᠤ ᠠᠷᠠᠳ ᠤᠨ ᠠᠭᠠᠷ ᠤᠨ ᠠᠶᠠᠯᠠᠯ ᠤᠨ ᠬᠥᠭᠵᠢᠯᠲᠡ ᠶᠢᠨ ᠰᠠᠭᠤᠷᠢ ᠮᠥᠩᠭᠦ ᠶᠢ ︽ᠵᠠᠰᠠᠭ ᠤᠨ ᠣᠷᠳᠣᠨ ᠤ ᠴᠢᠨᠠᠷᠲᠠᠶ ᠬᠡᠰᠡᠭ ᠰᠠᠭᠤᠷᠢ ᠮᠥᠩᠭᠦᠨ ᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠳᠤ ᠳᠤᠬᠢᠷᠠᠭᠤᠯᠤᠯᠳᠠ ᠬᠢᠬᠦ ᠲᠤᠬᠠᠢ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ᠶᠤᠰᠤᠭᠠᠷ 50%᠎ ᠪᠠᠷ ᠪᠠᠭᠤᠷᠠᠭᠤᠯᠤᠭᠰᠠᠨ ᠰᠠᠭᠤᠷᠢᠨ ᠳᠡᠭᠡᠷ᠎ᠡ ᠳᠠᠬᠢᠭᠠᠳ 20%᠎ ᠪᠠᠷ ᠪᠠᠭᠤᠷᠠᠭᠤᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号