1᠂ ᠭᠠᠶᠢᠯᠢ ᠶᠢᠨ ᠬᠠᠷᠠᠭᠠᠯᠵᠠᠯ ᠢ 12 ᠰᠠᠷ᠎ᠠ ᠶᠢᠨ 31 ᠪᠤᠯᠳᠠᠯ᠎ᠠ ᠤᠷᠳᠤᠳᠬᠠᠨ᠎ᠠ | ᠡᠳ᠋ ᠤᠨ ᠵᠠᠰᠠᠭ ᠤᠨ ᠶᠠᠮᠤᠨ᠂ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠬᠠᠮᠲᠤᠷᠠᠨ ᠳᠠᠷᠬᠠᠭᠠᠭᠰᠠᠨ | ︽ᠬᠢᠵᠢᠭ ᠤᠨ ᠪᠠᠶᠢᠳᠠᠯ ᠢ ᠠᠷᠭᠠᠴᠠᠬᠤ ᠶᠢᠨ ᠲᠦᠯᠦᠭᠡ ᠬᠡᠰᠡᠭ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠲᠤᠬᠠᠶ ᠠᠯᠪᠠᠨ ᠵᠠᠷᠯᠠᠯ︾ ᠳᠤ᠂ ︽ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠶᠢᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠡᠮᠵᠢᠬᠦ ᠨᠡᠮᠡᠭᠳᠡᠯ ᠤᠨ ᠭᠠᠶᠢᠯᠢ ᠶᠢᠨ | ᠲᠥᠷᠥ ᠶᠢᠨ ᠪᠣᠳᠣᠯᠭ᠎ᠠ ᠶᠢᠨ ᠲᠤᠬᠠᠶ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠶ | ᠲᠣᠪᠴᠢᠶ᠎ᠠ ᠶᠢᠨ ᠠᠯᠪᠠᠨ ᠵᠠᠷᠯᠠᠯ︾ ᠳᠤ ᠲᠣᠭᠲᠠᠭᠠᠭᠰᠠᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | 2021 ᠣᠨ ᠤ 12 ᠰᠠᠷ᠎ᠠ ᠶᠢᠨ 31 ᠪᠣᠯᠲᠠᠯ᠎ᠠ ᠤᠷᠲᠤᠳᠬᠠᠨ ᠬᠡᠷᠡᠭᠵᠢᠭᠦᠯᠦᠨ᠎ᠠ ᠭᠡᠪᠡ᠃ | 2᠂ ᠤᠯᠤᠰ ᠤᠨ ᠲᠥᠯᠥᠪᠦᠷᠢ ᠶᠢᠨ ᠬᠡᠷᠡᠭ ᠤᠨ ᠣᠶᠤᠨ ᠤ ᠬᠤᠬᠢᠷᠠᠯ ᠤᠨ ᠲᠣᠬᠤᠨᠢᠭᠤᠯᠬᠤ ᠮᠥᠩᠭᠦ ᠶᠢᠨ | ᠪᠠᠷᠢᠮᠵᠢᠶ᠎ᠠ ᠶᠢ ᠳᠡᠭᠡᠭᠰᠢᠯᠡᠭᠦᠯᠤᠨ᠎ᠡ | ᠠᠷᠠᠳ ᠤᠨ ᠳᠡᠭᠡᠳᠦ ᠰᠢᠭᠦᠬᠦ ᠬᠤᠷᠢᠶ᠎ᠠ ᠣᠶᠢᠷ᠎ᠠ ᠳᠤ ᠤᠯᠤᠰ ᠤᠨ ᠲᠥᠯᠥᠪᠦᠷᠢ ᠶᠢᠨ ᠬᠡᠷᠡᠭ ᠢ ᠰᠢᠭᠦᠬᠦ ᠳᠤ | ᠣᠶᠤᠨ ᠤ ᠬᠤᠬᠢᠷᠠᠯ ᠤᠨ ᠲᠥᠯᠥᠪᠦᠷᠢ ᠶᠢᠨ ᠬᠠᠷᠢᠭᠤᠴᠠᠯᠭ᠎ᠠ ᠶᠢ ᠲᠣᠭᠲᠠᠭᠠᠬᠤ ᠳᠤ ᠳᠤᠬᠢᠷᠠᠬᠤ ᠬᠠᠤᠯᠢ ᠴᠠᠭᠠᠵᠠ ᠶᠢᠨ | ᠠᠰᠠᠭᠤᠳᠠᠯ ᠤᠳ ᠤᠨ ᠲᠤᠬᠠᠶ ᠲᠠᠶᠢᠯᠤᠮᠵᠢ ᠶᠢ ᠨᠡᠶᠢᠳᠡᠯᠡᠵᠦ᠂ 2021 ᠣᠨ ᠤ 4 ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠪᠠ᠃ ᠲᠠᠶᠢᠯᠤᠮᠵᠢ ᠳᠤ᠂ ᠬᠦᠨᠳᠦ ᠨᠣᠴᠢᠲᠠᠢ ᠦᠷ᠎ᠠ ᠳ᠋ᠦᠩ ᠳᠤ ᠬᠦᠷᠦᠭᠰᠡᠨ ᠪᠤᠯ᠂ ᠤᠶᠤᠨ ᠤ | ᠬᠤᠬᠢᠷᠠᠯ ᠤᠨ ᠲᠣᠬᠤᠨᠢᠭᠤᠯᠬᠤ ᠮᠥᠩᠭᠦ ᠶᠢ ᠡᠩ ᠤᠨ ᠪᠠᠶᠢᠳᠠᠯ ᠳᠤ ᠤᠯᠤᠰ ᠤᠨ ᠲᠥᠯᠥᠪᠦᠷᠢ ᠶᠢᠨ ᠬᠠᠤᠯᠢ ᠶᠢᠨ | ᠭᠤᠴᠢᠨ ᠭᠤᠷᠪᠠᠳᠤᠭᠠᠷ ᠵᠦᠢᠯ᠂ ᠭᠤᠴᠢᠨ ᠳᠥᠷᠪᠡᠳᠦᠭᠡᠷ ᠵᠦᠢᠯ ᠳᠤ ᠲᠣᠭᠲᠠᠭᠠᠭᠰᠠᠨ ᠪᠡᠶ᠎ᠡ ᠶᠢᠨ ᠡᠷᠬᠡ | ᠴᠢᠯᠥᠭᠡ ᠶᠢᠨ ᠲᠥᠯᠥᠪᠦᠷᠢ ᠮᠥᠩᠭᠦ᠂ ᠠᠮᠢ ᠨᠠᠰᠤᠨ ᠤ ᠡᠷᠡᠭᠦᠯ ᠮᠡᠨᠳᠦ ᠶᠢᠨ ᠲᠥᠯᠥᠪᠦᠷᠢ ᠮᠥᠩᠭᠦ ᠶᠢᠨ ᠶᠡᠷᠦᠩᠬᠡᠢ | ᠬᠡᠮᠵᠢᠶᠡᠨ ᠤ 50% ᠠᠴᠠ ᠲᠤᠷᠤᠭᠰᠢ ︵50 % ᠶᠢ ᠪᠠᠭᠲᠠᠭᠠᠨ᠎ᠠ︶ ᠪᠠᠶᠢᠬᠤ ᠪᠠᠷ ᠪᠠᠶᠢᠳᠠᠯ ᠢ ᠨᠢ ᠦᠵᠡᠵᠦ | ᠲᠣᠭᠲᠠᠭᠠᠬᠤ ᠬᠡᠷᠡᠭᠲᠡᠢ ᠭᠡᠰᠡᠨ ᠤ ᠬᠠᠮᠲᠤ᠂ ᠣᠨᠴᠠᠭᠠᠢ ᠬᠦᠨᠳᠦ ᠨᠣᠴᠢᠲᠠᠢ ᠦᠷ᠎ᠠ ᠳ᠋ᠦᠩ ᠳᠤ ᠬᠦᠷᠦᠭᠰᠡᠨ ᠵᠡᠷᠭᠡ | ᠣᠨᠴᠠᠭᠠᠢ ᠪᠠᠶᠢᠳᠠᠯ ᠳᠤ 50% ᠠᠴᠠ ᠳᠡᠭᠡᠭᠰᠢ ᠪᠠᠷ ᠪᠠᠶᠢᠳᠠᠯ ᠢ ᠨᠢ ᠦᠵᠡᠵᠦ ᠲᠣᠭᠲᠠᠭᠠᠵᠤ ᠪᠣᠯᠤᠨ᠎ᠠ ᠭᠡᠪᠡ᠃ | 3᠂ ᠪᠠᠭ᠎ᠠ ᠵᠢᠵᠢᠭ ᠬᠡᠯᠪᠡᠷᠢ ᠶᠢᠨ ᠠᠶᠠᠨᠴᠢᠤᠨ ᠤᠨ ᠲᠡᠷᠭᠡ ᠳᠦᠷᠢᠶᠡᠰᠦᠯᠡᠭᠴᠢ ᠲᠡᠷᠭᠡ ᠪᠠᠨ ᠳᠠᠭᠠᠭᠰᠠᠨ | ᠵᠢᠯᠤᠭᠤᠴᠢ ᠶᠢᠨ ᠬᠦᠳᠡᠯᠮᠦᠷᠢ ᠦᠢᠯᠡᠴᠢᠯᠡᠭᠡ ᠬᠠᠩᠭᠠᠵᠤ ᠪᠤᠯᠬᠤ ᠦᠭᠡᠢ | ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ︽ᠪᠠᠭ᠎ᠠ ᠵᠢᠵᠢᠭ ᠬᠡᠯᠪᠡᠷᠢ ᠶᠢᠨ ᠠᠶᠠᠨᠴᠢᠳ ᠤᠨ ᠲᠡᠷᠭᠡ ᠶᠢ | ᠲᠦᠷᠢᠶᠡᠰᠦᠯᠡᠬᠦ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠵᠤ᠂ 2021 ᠣᠨ ᠤ 4 | ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠠ᠃ ︽ᠠᠷᠭ᠎ᠠ︾ ᠳᠤ᠂ ᠪᠠᠭ᠎ᠠ ᠵᠢᠵᠢᠭ ᠬᠡᠯᠪᠡᠷᠢ ᠶᠢᠨ | ᠠᠶᠠᠨᠴᠢᠤᠨ ᠤᠨ ᠲᠡᠷᠭᠡ ᠳᠦᠷᠢᠶᠡᠰᠦᠯᠡᠭᠴᠢ ᠲᠡᠷᠭᠡ ᠪᠠᠨ ᠳᠠᠭᠠᠭᠰᠠᠨ ᠵᠢᠯᠤᠭᠤᠴᠢ ᠶᠢᠨ ᠬᠦᠳᠡᠯᠮᠦᠷᠢ ᠦᠢᠯᠡᠴᠢᠯᠡᠭᠡ | ᠬᠠᠩᠭᠠᠵᠤ ᠪᠤᠯᠬᠤ ᠦᠭᠡᠢ᠃ ᠮᠠᠰᠢᠨ ᠲᠡᠷᠭᠡᠨ ᠤ ᠬᠡᠷᠡᠭᠯᠡᠭᠡᠨ ᠤ ᠰᠢᠨᠵᠢ ᠴᠢᠨᠠᠷ ᠢ ᠳᠦᠷᠢᠶᠡᠰᠦᠯᠡᠬᠦ ᠪᠠᠷ | ᠳᠠᠩᠰᠠᠯᠠᠭᠤᠯᠤᠭᠰᠠᠨ ᠪᠠᠭ᠎ᠠ ᠵᠢᠵᠢᠭ ᠬᠡᠯᠪᠡᠷᠢ ᠶᠢᠨ ᠠᠶᠠᠨᠴᠢᠳ ᠤᠨ ᠲᠡᠷᠭᠡ ᠶᠢ ᠵᠠᠮ ᠲᠡᠭᠡᠭᠡᠪᠦᠷᠢ ᠶᠢᠨ ᠡᠵᠡᠩᠨᠡᠯᠲᠡ ᠳᠤ | ᠳᠤᠷ᠎ᠠ ᠪᠠᠷ ᠢᠶᠠᠨ ᠬᠡᠷᠡᠭᠯᠡᠵᠦ ᠪᠣᠯᠬᠤ ᠥᠬᠡᠶ᠃ ᠪᠠᠭ᠎ᠠ ᠵᠢᠵᠢᠭ ᠬᠡᠯᠪᠡᠷᠢ ᠶᠢᠨ ᠠᠶᠠᠨᠴᠢᠳ ᠤᠨ ᠲᠡᠷᠭᠡ ᠶᠢ | ᠲᠦᠷᠢᠶᠡᠰᠦᠯᠡᠨ ᠵᠠᠮ ᠲᠡᠭᠡᠭᠡᠪᠦᠷᠢ ᠶᠢᠨ ᠡᠵᠡᠩᠨᠡᠯᠲᠡ ᠬᠢᠬᠦ ᠳᠤ᠂ ᠡᠷᠬᠡᠪᠰᠢ ᠤᠷᠢᠳ ᠢᠶᠠᠷ ᠬᠠᠮᠢᠶ᠎ᠠ ᠪᠥᠬᠦᠶ ᠳᠤᠭᠳᠠᠭᠠᠯ | ᠶᠤᠰᠤᠭᠠᠷ ᠵᠠᠰᠠᠭ ᠵᠠᠬᠢᠷᠭᠠᠨ ᠤ ᠵᠥᠪᠰᠢᠶᠡᠷᠡᠯ ᠪᠠ ᠮᠠᠰᠢᠨ ᠲᠡᠷᠭᠡᠨ ᠤ ᠬᠡᠷᠡᠭᠯᠡᠭᠡᠨ ᠤ ᠰᠢᠨᠵᠢ ᠴᠢᠨᠠᠷ ᠢ ᠬᠤᠪᠢᠷᠠᠭᠤᠯᠬᠤ | ᠭᠠᠷᠳᠠᠮ ᠭᠦᠢᠴᠡᠳᠭᠡᠬᠦ ᠬᠡᠷᠡᠭᠳᠠᠢ ᠭᠡᠵᠦ ᠲᠤᠳᠤᠷᠬᠠᠢ ᠳᠤᠭᠳᠠᠭᠠᠪᠠ᠃ | 4᠂ ᠨᠠᠰᠤᠲᠠᠶᠢᠴᠤᠳ ᠬᠢᠯᠢ ᠪᠠᠷ ᠣᠷᠣᠵᠤ ᠭᠠᠷᠬᠤ ᠳᠤ ᠨᠡᠩ ᠲᠦᠭᠦᠮ ᠪᠤᠯᠤᠨ᠎ᠡ | ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ 2021 ᠣᠨ ᠤ 4 ᠰᠠᠷ᠎ᠠ ᠶᠢᠨ 1 ᠤ | ᠡᠳᠦᠷ ᠠᠴᠠ ᠡᠬᠢᠯᠡᠨ ᠨᠠᠰᠤᠲᠠᠶᠢᠴᠤᠳ ᠬᠢᠯᠢ ᠪᠠᠷ ᠣᠷᠣᠵᠤ ᠭᠠᠷᠬᠤ ᠦᠨᠡᠮᠯᠡᠯ ᠭᠦᠢᠴᠡᠳᠭᠡᠬᠦ ᠳᠤ ᠲᠥᠬᠦᠮ | ᠦᠵᠡᠭᠦᠯᠬᠦ 6 ᠵᠦᠢᠯ ᠤᠨ ᠰᠢᠨ᠎ᠡ ᠠᠷᠭ᠎ᠠ ᠬᠡᠮᠵᠢᠶ᠎ᠡ ᠶᠢ ᠭᠡᠷᠡᠭᠵᠢᠭᠦᠯᠪᠠ᠃ ᠨᠠᠰᠤᠲᠠᠶᠢᠴᠤᠳ ᠰᠦᠯᠵᠢᠶᠡᠨ ᠳᠡᠭᠡᠷ᠎ᠡ | ᠪᠣᠯᠵᠣᠬᠤ ᠴᠢᠬᠤᠯᠠ ᠥᠬᠡᠶ ᠪᠠᠷ ᠰᠢᠭᠤᠳ ᠬᠢᠯᠢ ᠪᠠᠷ ᠤᠷᠤᠵᠤ ᠭᠠᠷᠬᠤ ᠦᠨᠡᠮᠯᠡᠯ ᠭᠦᠢᠴᠡᠳᠭᠡᠬᠦ ᠲᠢᠩᠬᠢᠮ ᠤᠨ | ᠴᠣᠩᠬᠤᠪᠴᠢ ᠳᠤ ᠬᠦᠷᠴᠦ ᠭᠠᠷᠳᠠᠮ ᠬᠦᠢᠴᠡᠳᠭᠡᠵᠣ ᠪᠣᠯᠤᠨ᠎ᠠ︔ ᠬᠢᠯᠢ ᠪᠠᠷ ᠤᠷᠤᠵᠤ ᠭᠠᠷᠬᠤ ᠦᠨᠡᠮᠯᠡᠯ | ᠭᠦᠢᠴᠡᠳᠭᠡᠬᠦ ᠲᠢᠩᠬᠢᠮ ᠤᠨ ᠠᠦ᠋ᠲ᠋ᠣ᠋ ᠲᠥᠬᠦᠭᠡᠷᠦᠮᠵᠢ ᠶᠢᠨ ᠬᠠᠪᠢ ᠳᠠᠬᠢ ᠬᠥᠮᠦᠨ ᠤ ᠬᠦᠴᠦᠨ ᠤ ᠵᠢᠯᠤᠭᠤᠳᠤᠮᠵᠢ ᠶᠢᠨ | ᠦᠢᠯᠡᠴᠢᠯᠡᠭᠡ ᠶᠢ ᠴᠢᠩᠭᠠᠳᠬᠠᠨ᠎ᠠ︔ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠡᠩ ᠤᠨ ᠫᠠᠰᠫᠣᠷᠲ᠂ | ᠰᠢᠶᠠᠩᠭᠠᠩ ᠣᠣᠮᠧᠨ ᠢᠶᠠᠷ ᠬᠦᠷᠬᠦ ᠦᠨᠡᠮᠯᠡᠯ ᠪᠤᠶᠤ ᠲᠠᠶᠢᠸᠠᠨ ᠢᠶᠠᠷ ᠬᠦᠷᠬᠦ ᠦᠨᠡᠮᠯᠡᠯ ᠭᠦᠢᠴᠡᠳᠭᠡᠬᠦ ᠳᠤ᠂ 5 | ᠵᠢᠯ ᠤᠨ ᠲᠤᠳᠤᠷᠠᠬᠢ ᠬᠢᠯᠢ ᠪᠠᠷ ᠤᠷᠤᠵᠤ ᠭᠠᠷᠬᠤ ᠦᠨᠡᠮᠯᠡᠯ ᠭᠦᠢᠴᠡᠳᠭᠡᠬᠦ ᠳᠤ ᠬᠡᠷᠡᠭᠯᠡᠵᠦ ᠥᠩᠭᠡᠷᠡᠭᠰᠡᠨ ᠬᠡᠷᠡᠯ | ᠵᠢᠷᠤᠭ ᠪᠤᠶᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠬᠡᠷᠡᠯ ᠵᠢᠷᠤᠭ ᠢ ᠰᠢᠭᠤᠳ ᠬᠡᠷᠡᠭᠯᠡᠵᠦ ᠪᠣᠯᠤᠨ᠎ᠠ︔ | ᠤᠯᠠᠨ ᠵᠦᠢᠯ ᠤᠨ ᠰᠦᠢᠳᠭᠡᠯ ᠲᠤᠰᠢᠶᠠᠬᠤ ᠠᠷᠭ᠎ᠠ ᠬᠡᠯᠪᠡᠷᠢ ᠬᠠᠩᠭᠠᠨ᠎ᠠ︔ | ᠲᠥᠷᠥᠯ ᠰᠠᠳᠤᠨ ᠨᠠᠶᠢᠵᠠ ᠨᠥᠬᠦᠳ ᠠᠴᠠ ᠣᠷᠣᠯᠠᠨ ᠭᠦᠢᠴᠡᠳᠭᠡᠬᠦ ᠵᠡᠷᠭᠡ ᠦᠢᠯᠡᠴᠢᠯᠡᠭᠡ ᠶᠢ ᠨᠡᠮᠡᠭᠳᠡᠭᠦᠯᠵᠦ᠂ | ᠳᠡᠯᠭᠡᠴᠡ ᠳᠡᠭᠡᠷᠡᠬᠢ ᠦᠰᠦᠭ ᠤᠨ ᠲᠢᠭ ᠢ ᠶᠡᠬᠡᠰᠭᠡᠵᠦ ᠪᠤᠯᠬᠤ ᠪᠤᠯᠭᠠᠨ᠎ᠠ︔ ᠦᠨᠡᠮᠯᠡᠯ ᠤᠨ ᠲᠦᠷᠭᠡᠨ | ᠬᠦᠷᠭᠡᠯᠳᠡ ᠶᠢᠨ ᠦᠢᠯᠡᠴᠢᠯᠡᠭᠡ ᠬᠠᠩᠭᠠᠨ᠎ᠠ᠃ | 5᠂ ᠠᠷᠠᠳ ᠤᠨ ᠠᠭᠠᠷ ᠤᠨ ᠠᠶᠠᠯᠠᠯ ᠤᠨ ᠬᠥᠭᠵᠢᠯᠲᠡ ᠶᠢᠨ ᠰᠠᠭᠤᠷᠢ ᠮᠦᠩᠬᠦ ᠳᠠᠳᠠᠪᠤᠷᠢᠯᠠᠬᠤ ᠪᠠᠷᠢᠮᠵᠢᠶ᠎ᠠ ᠶᠢ | ᠳᠠᠬᠢᠨᠳᠠ ᠪᠠᠭᠤᠷᠠᠭᠤᠯᠤᠨ᠎ᠠ | ᠡᠳ᠋ ᠤᠨ ᠵᠠᠰᠠᠭ ᠤᠨ ᠶᠠᠮᠤᠨ ᠤ ᠳᠠᠷᠤᠮᠠᠯᠯᠠᠨ ᠲᠠᠷᠬᠠᠭᠠᠭᠰᠠᠨ ︽ᠭᠠᠷᠠᠮ ᠤᠨ ᠪᠥᠲᠥᠭᠡᠨ ᠪᠠᠶᠢᠭᠤᠯᠤᠯᠲᠠ ᠶᠢᠨ | ᠵᠠᠷᠤᠳᠠᠯ ᠢ ᠬᠦᠴᠦᠨ ᠥᠬᠡᠶ ᠪᠣᠯᠭᠠᠬᠤ ᠪᠠ ᠠᠷᠠᠳ ᠤᠨ ᠠᠭᠠᠷ ᠤᠨ ᠠᠶᠠᠯᠠᠯ ᠤᠨ ᠬᠥᠭᠵᠢᠯᠲᠡ ᠶᠢᠨ ᠰᠠᠭᠤᠷᠢ | ᠮᠦᠩᠭᠦᠨ ᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠲᠤᠬᠠᠶ ᠠᠯᠪᠠᠨ ᠵᠠᠷᠯᠠᠯ︾ | ᠳᠤ᠂ 2021 ᠣᠨ ᠤ 4 ᠰᠠᠷ᠎ᠠ ᠶᠢᠨ 1 ᠠᠴᠠ ᠡᠬᠢᠯᠡᠨ᠂ ᠠᠭᠠᠷ ᠤᠨ ᠠᠶᠠᠯᠠᠯ ᠤᠨ ᠺᠣᠮᠫᠠᠨᠢ ᠶᠢᠨ ᠳᠠᠳᠠᠪᠤᠷᠢᠯᠠᠬᠤ | ᠠᠷᠠᠳ ᠤᠨ ᠠᠭᠠᠷ ᠤᠨ ᠠᠶᠠᠯᠠᠯ ᠤᠨ ᠬᠥᠭᠵᠢᠯᠲᠡ ᠶᠢᠨ ᠰᠠᠭᠤᠷᠢ ᠮᠥᠩᠭᠦ ᠶᠢ ︽ᠵᠠᠰᠠᠭ ᠤᠨ ᠣᠷᠳᠣᠨ ᠤ ᠴᠢᠨᠠᠷᠲᠠᠶ | ᠬᠡᠰᠡᠭ ᠰᠠᠭᠤᠷᠢ ᠮᠥᠩᠭᠦᠨ ᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠳᠤ ᠳᠤᠬᠢᠷᠠᠭᠤᠯᠤᠯᠳᠠ ᠬᠢᠬᠦ ᠲᠤᠬᠠᠢ | ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ᠶᠤᠰᠤᠭᠠᠷ 50% ᠪᠠᠷ ᠪᠠᠭᠤᠷᠠᠭᠤᠯᠤᠭᠰᠠᠨ ᠰᠠᠭᠤᠷᠢᠨ ᠳᠡᠭᠡᠷ᠎ᠡ | ᠳᠠᠬᠢᠭᠠᠳ 20% ᠪᠠᠷ ᠪᠠᠭᠤᠷᠠᠭᠤᠯᠤᠨ᠎ᠠ᠃ |