ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2021/5/27
    ᠰᠢᠨᠬᠤᠸᠠ ᠬᠤᠷᠢᠶᠠᠨ ᠤ  ᠮᠡᠳᠡᠭᠡ  ᠲᠦᠷᠦ ᠶᠢᠨ  ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠢᠢᠷ᠎ᠠ ᠳᠤ ︽ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠬᠡᠷᠡᠭᠵᠢᠭᠦᠯᠬᠦ  ᠰᠠᠨᠠᠯ  ︾  ︵ ᠳᠣᠷᠣᠭᠰᠢ  ︽ ᠬᠡᠷᠡᠭᠵᠢᠭᠦᠯᠬᠦ  ᠰᠠᠨᠠᠯ  ︾  ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ᠃  ︽ᠬᠡᠷᠡᠭᠵᠢᠭᠦᠯᠬᠦ ᠰᠠᠨᠠᠯ︾ ᠳᠤ᠂ ᠡᠮ ᠲᠠᠩ ᠤᠨ ᠠᠮᠤᠷ ᠲᠦᠪᠰᠢᠨ ᠨᠢ ᠠᠷᠠᠳ  ᠣᠯᠠᠨ ᠤ  ᠪᠡᠶ᠎ᠡ  ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠲᠠᠢ ᠬᠤᠯᠪᠣᠭᠳᠠᠨ᠎ᠠ᠃ ᠰᠢ ᠶᠢᠨ ᠫᠢᠩ ᠤᠨ ᠰᠢᠨ᠎ᠡ  ᠴᠠᠭ  ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ‌‍ᠶ᠋ᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ  ᠂  ᠭᠤᠷᠪᠠᠳᠤᠭᠠᠷ  ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ  ᠵᠣᠷᠢᠭ  ᠰᠠᠨᠠᠭ᠎ᠠ ᠶᠢ  ᠪᠦᠬᠦ  ᠲᠠᠯ᠎ᠠ ᠪᠠᠷ  ᠳᠣᠭᠤᠰᠢᠯᠠᠭᠤᠯᠵᠣ ᠂  ᠠᠷᠠᠳ ᠲᠦᠮᠡᠨ ᠢ  ᠳᠡᠭᠡᠳᠦᠯᠡᠬᠦ  ᠂  ᠠᠮᠢ  ᠨᠠᠰᠤ ᠶᠢ  ᠡᠷᠬᠢᠮᠯᠡᠬᠦ ᠶᠢ  ᠪᠠᠷᠢᠮᠳᠠᠯᠠᠵᠤ  ᠂  ︽ ᠳᠥᠷᠪᠡᠨ  ᠬᠠᠮᠤᠭ ᠤᠨ  ᠴᠢᠩᠭ᠎ᠠ  ︾ ᠱᠠᠭᠠᠷᠳᠠᠯᠭ᠎ᠠ ᠶᠢ  ᠨᠠᠶᠢᠳᠠᠪᠤᠷᠢᠵᠢᠭᠤᠯᠵᠤ  ᠂  ᠬᠢᠨᠠᠨ  ᠦᠨᠡᠯᠡᠵᠦ  ᠬᠢᠨᠠᠨ  ᠵᠥᠪᠰᠢᠶᠡᠷᠡᠬᠦ  ᠳᠦᠷᠢᠮ ᠤᠨ  ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠢᠨᠠᠯᠲᠠ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠦ᠂ ᠬᠢᠨᠠᠨ  ᠬᠠᠮᠢᠶᠠᠷᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ᠂ ᠦᠷ᠎ᠡ ᠪᠦᠲᠦᠮᠵᠢ ᠰᠠᠶᠢᠲᠠᠶ᠂ ᠡᠷᠬᠡ ᠰᠦᠷᠲᠦ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠲᠦᠷᠭᠡᠨ ᠪᠠᠶᠢᠭᠤᠯᠤᠨ ᠲᠡᠭᠦᠯᠳᠡᠷᠵᠢᠭᠦᠯᠵᠦ  ᠂  ᠡᠮ  ᠲᠠᠩ ᠤᠨ  ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠵᠤ᠂ ᠡᠮ ᠲᠠᠩ ᠤᠨ  ᠬᠢᠨᠠᠯᠲᠠ  ᠬᠠᠮᠢᠶᠠᠷᠤᠯᠲᠠ ᠶᠢᠨ  ᠠᠵᠢᠯ ᠤᠨ  ᠰᠢᠨᠵᠢᠯᠡᠬᠦ ᠤᠬᠠᠭᠠᠨᠴᠢᠯᠠᠯᠲᠠ᠂ ᠬᠠᠤᠯᠢᠵᠢᠭᠤᠯᠤᠯᠳᠡ᠂ ᠳᠡᠯᠡᠬᠡᠶᠢᠴᠢᠯᠡᠯᠳᠡ᠂ ᠣᠳᠣᠬᠢᠴᠢᠯᠠᠯᠲᠠ ᠶᠢᠨ ᠲᠦᠪᠰᠢᠨ ᠢ ᠤᠯᠠᠮ ᠨᠢᠭᠡ  ᠠᠯᠬᠤᠮ ᠳᠡᠭᠡᠭᠰᠢᠯᠡᠭᠦᠯᠵᠦ᠂ ᠮᠠᠨ ᠤ ᠤᠯᠤᠰ ᠤᠨ ᠡᠮ ᠦᠢᠯᠡᠳᠬᠦ ᠲᠣᠮᠣ ᠤᠯᠤᠰ ᠠᠴᠠ ᠪᠠᠨ  ᠡᠮ  ᠦᠢᠯᠡᠳᠬᠦ  ᠬᠦᠴᠦᠷᠬᠡᠭ  ᠤᠯᠤᠰ ᠪᠣᠯᠬᠤ ᠳᠠᠪᠠᠯᠲᠠ ᠶᠢ ᠠᠬᠢᠭᠤᠯᠵᠤ᠂ ᠠᠷᠠᠳ ᠣᠯᠠᠨ ᠤ ᠡᠮ ᠲᠠᠩ ᠤᠨ ᠠᠮᠤᠷ ᠲᠦᠪᠰᠢᠨ ᠤ  ᠬᠡᠷᠡᠭᠴᠡᠭᠡ ᠶᠢ  ᠨᠠᠩ  ᠰᠠᠶᠢᠲᠤᠷ ᠬᠠᠩᠭᠠᠨ᠎ᠠ ᠭᠡᠵᠦ ᠵᠢᠭᠠᠵᠤ  ᠭᠠᠷᠭᠠᠪᠠ  ᠃  ︽ ᠬᠡᠷᠡᠭᠵᠢᠭᠦᠯᠬᠦ  ᠰᠠᠨᠠᠯ  ︾  ᠳᠤ  ᠵᠢᠷᠭᠤᠭᠠᠨ  ᠲᠠᠯ᠎ᠠ ᠶᠢᠨ  18  ᠵᠦᠢᠯ ‍ᠤᠨ‌ᠭᠤᠤᠯᠳᠠᠯᠭ᠎ᠠ ᠲᠠᠢ ᠠᠵᠢᠯ ᠢ ᠲᠣᠳᠣᠷᠬᠠᠶᠢᠯᠠᠵᠠᠢ᠃   ᠨᠢᠭᠡ ᠳᠤ ᠬᠠᠤᠯᠢ ᠲᠣᠭᠲᠠᠭᠠᠯ ᠪᠠ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠢᠵᠢ ᠪᠦᠷᠢᠳᠦᠭᠰᠡᠨ ᠬᠠᠤᠯᠢ ᠲᠣᠭᠲᠠᠭᠠᠯ ᠲᠦᠷᠢᠮ ᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠶᠢ ᠲᠦᠷᠭᠡᠳᠬᠡᠵᠦ  ᠂  ᠵᠢᠷᠤᠮᠵᠢᠯ ‍ᠤᠨ‌‍ᠴᠢᠨᠠᠷᠲᠠᠶ ᠪᠢᠴᠢᠭ ᠮᠠᠲ᠋ᠧᠷᠢᠶᠠᠯ ᠢ ᠴᠠᠭ ᠲᠤᠬᠠᠶ ᠳᠤᠨᠢ ᠴᠡᠪᠡᠷᠯᠡᠨ ᠲᠡᠭᠦᠯᠳᠡᠷᠵᠢᠭᠦᠯᠵᠦ᠂ ᠮᠡᠷᠭᠡᠵᠢᠯ ᠤᠨ ᠵᠦᠭᠯᠡᠭᠦᠷ ᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠶᠢ ᠡᠮᠬᠢ ᠵᠢᠷᠤᠮ ᠲᠠᠢ ᠠᠬᠢᠭᠤᠯᠤᠨ᠎ᠠ᠃ ᠵᠠᠰᠠᠭ ᠤᠨ ᠣᠷᠳᠣᠨ ᠢᠶᠠᠷ ᠭᠤᠤᠯᠯᠠᠭᠤᠯᠤᠬᠰᠠᠨ᠂  ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠬᠰᠠᠨ᠂ ᠨᠡᠶᠢᠭᠡᠮ ᠤᠨ ᠬᠢᠨ ᠣᠷᠣᠯᠴᠠᠭᠰᠠᠨ ᠪᠠᠷᠢᠮᠵᠢᠶᠠᠲᠤ ᠠᠵᠢᠯ ᠤᠨ  ᠲᠣᠭᠲᠠᠴᠠ ᠶᠢ ᠲᠦᠷᠭᠡᠨ ᠲᠡᠭᠦᠯᠳᠡᠷᠵᠢᠭᠦᠯᠦᠨ᠎ᠡ᠃ ᠪᠠᠷᠢᠮᠵᠢᠶ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠪᠠᠷᠢᠮᠵᠢᠶ᠎ᠠ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃  ᠬᠤᠶᠠᠷ ᠲᠤ  ᠂  ᠬᠢᠨᠠᠨ  ᠦᠨᠡᠯᠡᠬᠦ  ᠴᠢᠳᠠᠪᠤᠷᠢ ᠶᠢ  ᠳᠡᠭᠡᠭᠰᠢᠯᠡᠭᠦᠯᠵᠦ  ᠂   ᠬᠢᠨᠠᠨ   ᠦᠨᠡᠯᠡᠬᠦ   ᠲᠣᠭᠲᠠᠴᠠ ᠶᠢ ᠰᠢᠯᠢᠳᠡᠭᠵᠢᠭᠦᠯᠦᠨ᠎ᠡ᠃ ᠬᠢᠲᠠᠳ ᠡᠮ ᠪᠠ ᠠᠮᠢᠳᠤ ᠪᠣᠳᠠᠰ ᠤᠨ ᠪᠦᠲᠦᠭᠡᠭᠳᠡᠬᠦᠨ ︵ᠸᠠᠺᠼᠢᠨ︶ ᠵᠡᠷᠭᠡ ᠶᠢᠨ  ᠬᠢᠨᠠᠨ  ᠦᠨᠡᠯᠡᠬᠦ ᠪᠠ ᠪᠠᠶᠢᠴᠠᠭᠠᠬᠤ ᠪᠠᠶᠢᠭᠤᠯᠤᠮᠵᠢ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠠ ᠡᠮ ᠲᠠᠩ‌ᠡᠮᠴᠢᠯᠡᠭᠡᠨ ᠤ ᠪᠠᠭᠠᠵᠢ ᠬᠡᠷᠡᠭᠰᠡᠯ ᠢ ᠰᠤᠳᠤᠯᠤᠨ ᠬᠢᠨᠠᠬᠤ ᠬᠤᠯᠪᠣᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ   ᠶᠢᠨ  ᠰᠢᠨ᠎ᠡ ᠶᠢ ᠡᠭᠦᠳᠬᠦ ᠶᠢ ᠰᠢᠯᠢᠳᠡᠭᠵᠢᠭᠦᠯᠵᠦ᠂  ᠰᠢᠨ᠎ᠡ  ᠮᠡᠷᠭᠡᠵᠢᠯ ᠢ  ᠬᠡᠷᠡᠭᠯᠡᠬᠦ  ᠪᠠ  ᠰᠢᠨ᠎ᠡ  ᠦᠢᠯᠡᠳᠬᠦᠨ ᠢ  ᠰᠤᠳᠤᠯᠤᠨ  ᠨᠡᠭᠡᠭᠡᠬᠦ ᠶᠢ ᠵᠣᠷᠢᠭᠵᠢᠭᠤᠯᠤᠨ᠎ᠠ᠃ ᠬᠢᠲᠠᠳ ᠡᠮ ᠤᠨ ᠬᠢᠨᠠᠨ ᠦᠨᠡᠯᠡᠬᠦ ᠲᠣᠭᠲᠠᠴᠠ ᠶᠢ ᠰᠢᠯᠢᠳᠡᠭᠵᠢᠭᠦᠯᠵᠦ᠂ ᠬᠢᠲᠠᠳ ᠡᠮ ᠤᠨ  ᠰᠤᠳᠤᠯᠤᠨ ᠦᠢᠯᠡᠳᠬᠦ ᠵᠢᠮ᠎ᠡ ᠶᠣᠰᠣ ᠶᠢ ᠵᠢᠷᠤᠮᠯᠠᠨ᠂  ᠬᠢᠲᠠᠳ  ᠡᠮ  ᠡᠮᠨᠡᠯᠭᠡ ᠶᠢᠨ  ᠤᠨᠤᠯ  ᠂  ᠬᠥᠮᠦᠨ  ᠬᠡᠷᠡᠭᠯᠡᠬᠦ  ᠲᠤᠷᠰᠢᠯᠭ᠎ᠠ  ᠂ ᠡᠮᠴᠢᠯᠡᠭᠡᠨ ᠤ ᠲᠤᠷᠰᠢᠯᠲᠠ ᠶᠢ ᠤᠶᠠᠯᠳᠤᠭᠤᠯᠤᠭᠰᠠᠨ ᠬᠢᠲᠠᠳ ᠡᠮ ᠤᠨ ᠣᠨᠴᠠᠯᠢᠭ ᠢ ᠬᠢᠨᠠᠨ  ᠦᠨᠡᠯᠡᠬᠦ  ᠭᠡᠷᠡᠴᠢ  ᠪᠠᠷᠢᠮᠲᠠ ᠶᠢᠨ ᠰᠢᠰᠲ᠋ᠧᠮ ᠢ ᠪᠠᠶᠢᠭᠤᠯᠵᠤ᠂ ᠬᠢᠲᠠᠳ ᠡᠮ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠴᠤ  ᠬᠥᠭᠵᠢᠬᠦᠯᠬᠦ ᠶᠢ  ᠠᠬᠢᠭᠤᠯᠤᠨ᠎ᠠ᠃ ᠭᠤᠷᠪᠠ ᠳᠤ᠂ ᠪᠠᠶᠢᠴᠠᠭᠠᠬᠤ ᠬᠠᠤᠯᠢ  ᠬᠡᠷᠡᠭᠵᠢᠭᠦᠯᠬᠦ  ᠰᠢᠰᠲ᠋ᠧᠮ  ᠪᠣᠯᠤᠨ  ᠬᠡᠷᠡᠭ  ᠰᠢᠢᠳᠪᠦᠷᠢᠯᠡᠬᠦ  ᠲᠣᠭᠲᠠᠴᠠ ᠶᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠬᠤᠭᠤᠷᠤᠨᠳᠤᠬᠢ ᠬᠠᠮᠵᠢᠯᠴᠠᠭ᠎ᠠ ᠶᠢ ᠴᠢᠩᠭᠠᠳᠬᠠᠨ᠎ᠠ  ᠃  ᠡᠯ᠎ᠡ  ᠱᠠᠲᠤᠨ ᠤ  ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠬᠤ  ᠪᠠᠶᠢᠴᠠᠭᠠᠭᠴᠢ ᠵᠢᠨ‌ᠡᠩᠨᠡᠭᠡ ᠶᠢᠨ ᠰᠢᠰᠲ᠋ᠧᠮ ᠢ  ᠲᠦᠷᠬᠡᠨ  ᠪᠠᠶᠢᠭᠤᠯᠵᠤ  ᠂  ᠪᠠᠶᠢᠴᠠᠭᠠᠬᠤ  ᠬᠦᠴᠦᠨ ᠢ  ᠨᠢᠭᠡᠳᠦᠯᠲᠡᠶ  ᠰᠢᠯᠵᠢᠭᠦᠯᠦᠨ  ᠲᠣᠮᠢᠯᠠᠬᠤ ᠲᠣᠭᠲᠠᠴᠠ ᠶᠢ ᠪᠠᠶᠢᠭᠤᠯᠤᠨ᠎ᠠ᠃ ᠬᠤᠲᠠ ᠰᠢᠶᠠᠨ ᠤ ᠡᠮ  ᠲᠠᠩ ᠢ  ᠰᠢᠯᠭᠠᠨ  ᠪᠠᠶᠢᠴᠠᠭᠠᠬᠤ  ᠵᠡᠷᠭᠡ  ᠠᠵᠢᠯ  ᠬᠢᠵᠦ  ᠪᠠᠶᠢᠭ᠎ᠠ ᠬᠥᠮᠦᠰ ᠤᠨ ᠡᠮ ᠲᠠᠩ ᠤᠨ ᠪᠠᠶᠢᠴᠠᠭᠠᠭᠴᠢ ᠶᠢᠨ ᠬᠢᠷᠢ ᠬᠡᠮ ᠣᠯᠬᠤ ᠶᠢ ᠵᠣᠷᠢᠭᠵᠢᠭᠤᠯᠤᠨ᠎ᠠ᠃ ᠮᠤᠵᠢ ᠶᠢᠨ  ᠱᠠᠲᠤᠨ ᠤ  ᠵᠠᠬ᠎ᠠ‌‍ᠲ᠋ᠡᠯᠭᠡᠭᠦᠷ ᠤᠨ ᠬᠢᠨᠠᠯᠲᠠ ᠬᠠᠮᠢᠶᠠᠷᠤᠯᠲᠠ ᠬᠢᠭᠡᠳ ᠡᠮ  ᠲᠠᠩ ᠤᠨ  ᠬᠢᠨᠠᠯᠲᠠ  ᠬᠠᠮᠢᠶᠠᠷᠤᠯᠲᠠ ᠶᠢᠨ  ᠠᠵᠢᠯ ᠤᠨ  ᠲᠣᠭᠲᠠᠴᠠ ᠶᠢ ᠲᠡᠭᠦᠯᠳᠡᠷᠵᠢᠭᠦᠯᠵᠦ᠂ ᠬᠤᠲᠠ ᠰᠢᠶᠠᠨ ᠤ ᠡᠮ ᠲᠠᠩ ᠤᠨ  ᠬᠢᠨᠠᠯᠲᠠ  ᠬᠠᠮᠢᠶᠠᠷᠤᠯᠲᠠ ᠶᠢᠨ  ᠴᠢᠳᠠᠪᠤᠷᠢ ᠶᠢᠨ  ᠪᠠᠷᠢᠮᠵᠢᠶᠠᠵᠢᠬᠰᠠᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃ ᠡᠯ᠎ᠡ ᠱᠠᠲᠤᠨ ᠤ  ᠡᠮ  ᠲᠠᠩ ᠤᠨ ᠬᠢᠨᠠᠯᠲᠠ  ᠬᠠᠮᠢᠶᠠᠷᠤᠯᠲᠠ ᠶᠢᠨ  ᠰᠠᠯᠠᠭ᠎ᠠ  ᠮᠥᠴᠢᠷ ᠤᠳ ᠨᠢ  ᠳᠣᠲᠣᠭᠠᠳᠤ ᠶᠢ  ᠬᠠᠮᠠᠭᠠᠯᠠᠬᠤ   ᠪᠠᠶᠢᠭᠤᠯᠤᠯᠭ᠎ᠠ ᠯᠤᠭ᠎ᠠ   ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ ᠤᠯᠤᠰ᠂ ᠮᠤᠵᠢ᠂ ᠬᠤᠲᠠ᠂ ᠰᠢᠶᠠᠨ ᠳᠥᠷᠪᠡᠨ ᠱᠠᠲᠤᠨ ᠤ ᠡᠮ ᠲᠠᠩ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ  ᠰᠠᠯᠠᠭ᠎ᠠ  ᠮᠥᠴᠢᠷ ‍ᠤᠨ‌ᠡᠮ  ᠲᠠᠩ ᠤᠨ  ᠪᠥᠬᠦ  ᠠᠮᠢ  ᠨᠠᠰᠤᠨ ᠤ  ᠦᠶᠡᠯᠡᠯ ᠤᠨ  ᠬᠤᠭᠤᠴᠠᠭᠠᠨ ᠤ  ᠬᠢᠨᠠᠯᠲᠠ  ᠬᠠᠮᠢᠶᠠᠷᠤᠯᠲᠠ ᠶᠢᠨ  ᠲᠠᠯ᠎ᠠ ᠪᠠᠷ ᠬᠢ ᠬᠠᠮᠵᠢᠯᠴᠠᠭ᠎ᠠ ᠶᠢ ᠴᠢᠩᠭᠠᠳᠬᠠᠵᠤ᠂ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ  ᠪᠥᠬᠦ  ᠤᠯᠤᠰ ᠢᠶᠠᠷ ᠢᠶᠠᠨ  ᠨᠢᠭᠡ‌‍ᠬᠥ᠋ᠯᠭᠡ ᠰᠢᠲᠠᠷ᠎ᠠ ᠮᠡᠲᠦ ᠪᠠᠶᠢᠯᠭᠠᠬᠤ ᠪᠠᠶᠢᠷᠢᠰᠢᠯ ᠢ ᠪᠦᠷᠢᠯᠳᠦᠭᠦᠯᠦᠨ᠎ᠡ᠃ ᠳᠥᠷᠪᠡ ᠳᠤ  ᠰᠢᠯᠭᠠᠨ  ᠪᠠᠶᠢᠴᠠᠭᠠᠬᠤ  ᠴᠢᠳᠠᠪᠤᠷᠢ ᠪᠠᠨ  ᠳᠡᠭᠡᠭᠰᠢᠯᠡᠭᠦᠯᠵᠦ  ᠂  ᠪᠠᠴᠢᠮ  ᠪᠠᠶᠢᠳᠠᠯ ᠢ   ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠢᠨᠵᠢᠯᠡᠬᠦ ᠤᠬᠠᠭᠠᠨᠴᠢ ᠡᠷᠬᠡ ᠰᠦᠷᠲᠦ ᠡᠮ ᠲᠠᠩ ᠪᠠ ᠡᠮᠴᠢᠯᠡᠭᠡᠨ ᠤ ᠮᠠᠰᠢᠨ ᠪᠠᠭᠠᠵᠢ ᠪᠣᠯᠤᠨ ᠵᠠᠰᠠᠯ ᠴᠢᠮᠡᠭ ᠤᠨ ᠡᠳ᠋ ᠢ ᠰᠢᠯᠭᠠᠨ  ᠪᠠᠶᠢᠴᠠᠭᠠᠬᠤ  ᠰᠢᠰᠲ᠋ᠧᠮ ᠢ  ᠲᠡᠭᠦᠯᠳᠡᠷᠵᠢᠭᠦᠯᠵᠦ  ᠂  ᠮᠤᠵᠢ ᠶᠢᠨ ᠱᠠᠲᠤᠨ ᠤ ᠡᠮ ᠲᠠᠩ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ ᠵᠦᠪᠰᠢᠶᠡᠷᠡᠬᠦ  ᠭᠠᠷ ᠤᠨ  ᠦᠰᠦᠭ  ᠵᠢᠷᠤᠬᠤ  ᠶᠠᠪᠤᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠲᠦᠯᠬᠢᠨ  ᠠᠬᠢᠭᠤᠯᠣᠨ᠎ᠠ᠃ ︽ ᠬᠡᠷᠡᠭᠵᠢᠭᠦᠯᠬᠦ  ᠰᠠᠨᠠᠯ  ︾ ᠳᠤ  ᠂  ᠡᠯ᠎ᠡ  ᠱᠠᠲᠤᠨ ᠤ  ᠠᠷᠠᠳ ᠤᠨ  ᠵᠠᠰᠠᠭ ᠤᠨ ᠣᠷᠳᠣᠨ ᠤ  ᠡᠮ  ᠲᠠᠩ ᠤᠨ  ᠠᠮᠤᠷ  ᠲᠦᠪᠰᠢᠨ ᠤ  ᠬᠡᠷᠡᠭ ᠤᠨ  ᠪᠠᠴᠢᠮ  ᠪᠠᠶᠢᠳᠠᠯ ᠢ  ᠠᠷᠭᠠᠴᠠᠬᠤ  ᠪᠡᠯᠡᠳᠬᠡᠯ  ᠲᠥᠰᠦᠯ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ  ᠲᠣᠭᠲᠠᠴᠠ ᠶᠢ  ᠪᠦᠷᠢᠨᠰᠢᠭᠦᠯᠦᠨ᠎ᠡ  ᠃  ᠭᠡᠨᠡᠳᠲᠡ‌ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠣᠨᠴᠠ ᠶᠡᠭᠡ ᠬᠡᠷᠡᠭ ᠢ ᠠᠷᠭᠠᠴᠠᠬᠤ ᠶᠠᠪᠤᠴᠠ ᠳᠠᠬᠢ ᠰᠢᠯᠭᠠᠨ ᠪᠠᠶᠢᠴᠠᠭᠠᠬᠤ᠂ ᠰᠢᠰᠲ᠋ᠧᠮ ᠢ ᠬᠠᠷᠭᠤᠭᠤᠯᠤᠨ ᠪᠠᠶᠢᠴᠠᠭᠠᠬᠤ᠂ ᠬᠢᠨᠠᠨ ᠦᠨᠡᠯᠡᠵᠦ ᠬᠢᠨᠠᠨ ᠵᠥᠪᠰᠢᠶᠡᠷᠡᠬᠦ᠂ ᠬᠢᠨᠠᠨ ᠪᠠᠶᠢᠴᠠᠭᠠᠵᠤ ᠦᠨᠡᠯᠡᠬᠦ ᠵᠡᠷᠭᠡ‌ᠠᠵᠢᠯ ᠤᠨ ᠨᠢᠭᠡᠳᠦᠯᠲᠡᠶ ᠵᠢᠯᠣᠭᠤᠳᠣᠯᠭ᠎ᠠ ᠬᠢᠭᠡᠳ ᠵᠣᠬᠢᠴᠠᠭᠤᠯᠭ᠎ᠠ ᠶᠢ  ᠴᠢᠩᠭᠠᠷᠠᠭᠤᠯᠤᠨ᠎ᠠ  ᠃  ᠤᠯᠤᠰ ᠤᠨ  ᠡᠮ  ᠲᠠᠩ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ  ᠲᠥᠪ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠪᠠᠴᠢᠮ ᠪᠠᠶᠢᠳᠠᠯ ᠢ ᠠᠷᠭᠠᠴᠠᠬᠤ ᠵᠠᠩᠭᠢᠯᠠᠭ᠎ᠠ ᠶᠢᠨ  ᠮᠡᠷᠭᠡᠵᠢᠯ ᠢ  ᠰᠤᠳᠤᠯᠤᠨ  ᠨᠡᠭᠡᠭᠡᠬᠦ ᠶᠢ ᠴᠢᠩᠭᠠᠷᠠᠭᠤᠯᠤᠨ᠎ᠡ ᠬᠡᠵᠦ ᠴᠢᠬᠤᠯᠠᠴᠢᠯᠠᠪᠠ᠃  ᠲᠠᠪᠤ ᠳᠤ ᠮᠡᠳᠡᠭᠡ ᠵᠠᠩᠭᠢᠵᠢᠬᠰᠠᠨ ᠮᠥᠷᠳᠡᠨ ᠬᠢᠨᠠᠬᠤ ᠰᠢᠰᠲ᠋ᠧᠮ ᠢ ᠲᠡᠭᠦᠯᠳᠡᠷᠵᠢᠭᠦᠯᠵᠦ᠂ ︽ᠢᠨᠲ᠋ᠧᠷ ᠰᠦᠯᠵᠢᠶ᠎ᠡ + ᠡᠮ ᠲᠠᠩ ᠤᠨ ᠬᠢᠨᠠᠯᠲᠠ ᠬᠠᠮᠢᠶᠠᠷᠤᠯᠲᠠ︾ ᠶᠢᠨ ᠬᠡᠷᠡᠭᠯᠡᠭᠡᠨ ᠤ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ  ᠃  ᠪᠥᠬᠦ ᠤᠯᠤᠰ ᠤᠨ ᠡᠮ ᠲᠠᠩ ᠤᠨ ᠮᠥᠷᠳᠡᠨ ᠬᠢᠨᠠᠬᠤ ᠬᠠᠮᠵᠢᠯᠴᠠᠬᠤ ᠲᠠᠪᠴᠠᠩ ᠢ ᠪᠠᠶᠢᠭᠤᠯᠵᠤ᠂ ᠡᠮ ᠲᠠᠩ ᠤᠨ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢ ᠮᠥᠷᠳᠡᠨ ᠬᠢᠨᠠᠵᠤ᠂ ᠡᠮᠴᠢᠯᠡᠭᠡᠨ ᠤ  ᠪᠠᠭᠠᠵᠢ  ᠬᠡᠷᠡᠭᠰᠡᠯ ᠤᠨ  ᠴᠣᠷ ᠤᠨ  ᠭᠠᠭᠴᠠ  ᠢᠯᠭᠠᠬᠤ ᠲᠡᠮᠳᠡᠭ ᠢ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃ ᠡᠮ  ᠲᠠᠩ  ᠂  ᠡᠮᠴᠢᠯᠡᠭᠡᠨ ᠤ  ᠪᠠᠭᠠᠵᠢ  ᠬᠡᠷᠡᠭᠰᠡᠯ  ᠪᠣᠯᠤᠨ  ᠵᠠᠰᠠᠯ ᠴᠢᠮᠡᠭ ᠤᠨ ᠡᠳ᠋ ᠤᠨ  ᠬᠢᠨᠠᠯᠲᠠ  ᠬᠠᠮᠢᠶᠠᠷᠤᠯᠲᠠ ᠶᠢᠨ  ᠲᠣᠮᠣ  ᠳ᠋ᠠᠶᠢᠲ᠋ᠠ ᠶᠢᠨ  ᠬᠡᠷᠡᠭᠯᠡᠯᠲᠡ ᠶᠢ  ᠴᠢᠩᠭᠠᠳᠬᠠᠵᠤ  ᠂  ᠬᠢᠨᠠᠯᠲᠠ ᠬᠠᠮᠢᠶᠠᠷᠤᠯᠲᠠ ᠪᠣᠯᠤᠨ ᠠᠵᠤ ᠦᠢᠯᠡᠰ ᠤᠨ ᠲᠣᠭᠠᠴᠢᠯᠠᠯᠲᠠ ᠶᠢᠨ ᠳᠡᠰ ᠳᠡᠪᠰᠢᠬᠦ ᠶᠢ ᠲᠦᠯᠬᠢᠨ ᠠᠬᠢᠭᠤᠯᠤᠨ᠎ᠠ᠃  ᠸᠠᠺᠼᠢᠨ  ᠂ᠴᠢᠰᠤᠨ ᠤ ᠪᠦᠲᠦᠭᠡᠭᠳᠡᠬᠦᠨ᠂ ᠣᠨᠴᠠᠭᠠᠶ ᠡᠮ ᠲᠠᠩ ᠵᠡᠷᠭᠡ ᠶᠢᠨ ᠬᠢᠨᠠᠯᠲᠠ ᠬᠠᠮᠢᠶᠠᠷᠤᠯᠲᠠ ᠶᠢᠨ  ᠬᠦᠷᠢᠶ᠎ᠡ  ᠴᠠᠷᠠᠭ᠎ᠠ ᠳᠤ  ᠠᠵᠤ ᠦᠢᠯᠡᠳᠪᠦᠷᠢ ᠶᠢᠨ ᠢᠨᠲ᠋ᠧᠷ  ᠰᠦᠯᠵᠢᠶ᠎ᠡ ᠶᠢ  ᠠᠭᠤᠰᠤᠯᠴᠠᠭᠤᠯᠤᠨ  ᠬᠡᠷᠡᠭᠯᠡᠬᠦ ᠶᠢ  ᠠᠬᠢᠭᠤᠯᠵᠤ  ᠂  ᠬᠢᠨᠠᠨ  ᠦᠨᠡᠯᠡᠬᠦ  ᠬᠢᠨᠠᠨ‌ᠵᠥ᠋ᠪᠰᠢᠶᠡᠷᠡᠬᠦ ᠪᠠ ᠦᠨᠡᠮᠯᠡᠯ ᠤᠨ ᠬᠠᠮᠢᠶᠠᠷᠤᠯᠲᠠ ᠶᠢ ᠲᠣᠭᠠᠵᠢᠭᠤᠯᠬᠤ᠂ ᠰᠦᠯᠵᠢᠶᠡᠵᠢᠭᠦᠯᠬᠦ ᠶᠢ ᠠᠬᠢᠭᠤᠯᠤᠨ  ᠂  ᠰᠦᠯᠵᠢᠶ᠎ᠡ ᠪᠠᠷ ᠬᠢᠨᠠᠨ ᠪᠠᠶᠢᠴᠠᠭᠠᠬᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃  ᠵᠢᠷᠭᠤᠭ᠎ᠠ ᠳᠤ ᠳᠤᠮᠳᠠᠳᠤ  ᠤᠯᠤᠰ ᠤᠨ  ᠡᠮ  ᠲᠠᠩ ᠤᠨ  ᠬᠢᠨᠠᠯᠲᠠ  ᠬᠠᠮᠢᠶᠠᠷᠤᠯᠲᠠ ᠶᠢᠨ  ᠰᠢᠨᠵᠢᠯᠡᠬᠦ  ᠤᠬᠠᠭᠠᠨᠴᠢ‌ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ ᠂ ᠬᠢᠨᠠᠯᠲᠠ ᠬᠠᠮᠢᠶᠠᠷᠤᠯᠲᠠ ᠶᠢᠨ ᠡᠩᠨᠡᠭᠡᠨ ᠤ  ᠬᠡᠪ  ᠴᠢᠨᠠᠷ  ᠪᠣᠯᠤᠨ  ᠬᠢᠨᠠᠯᠲᠠ ᠬᠠᠮᠢᠶᠠᠷᠤᠯᠲᠠ ᠶᠢᠨ ᠳᠡᠯᠡᠬᠡᠶᠢᠴᠢᠯᠡᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠡᠮ ᠲᠠᠩ ᠤᠨ  ᠬᠢᠨᠠᠯᠲᠠ  ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠰᠠᠭᠤᠷᠢᠨ ᠭᠠᠵᠠᠷ ᠢ ᠪᠠᠶᠢᠭᠤᠯᠵᠤ᠂ ᠬᠢᠨᠠᠯᠲᠠ ᠬᠠᠮᠢᠶᠠᠷᠤᠯᠲᠠ ᠶᠢᠨ ᠰᠢᠨ᠎ᠡ ᠪᠠᠭᠠᠵᠢ  ᠂ ᠰᠢᠨ᠎ᠡ ᠪᠠᠷᠢᠮᠵᠢᠶ᠎ᠠ᠂ ᠰᠢᠨ᠎ᠡ ᠠᠷᠭ᠎ᠠ ᠶᠢᠨ ᠰᠤᠳᠤᠯᠤᠯ ᠪᠣᠯᠤᠨ ᠬᠡᠷᠡᠭᠯᠡᠯᠲᠡ ᠶᠢ ᠲᠦᠷᠭᠡᠨ ᠠᠬᠢᠭᠤᠯᠤᠨ᠎ᠠ᠃  ᠲᠤᠰᠬᠠᠶ  ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭᠠᠷᠠᠭᠤᠯᠵᠤ᠂ ᠬᠢᠨᠠᠯᠲᠠ ᠬᠠᠮᠢᠶᠠᠷᠤᠯᠲᠠ ᠶᠢᠨ  ᠠᠵᠢᠯᠲᠠᠨ ᠢ  ᠪᠣᠯᠪᠠᠰᠤᠷᠠᠭᠤᠯᠬᠤ  ᠪᠠ‌‍ᠪᠣᠳᠠᠲᠠᠶ ᠪᠣᠯᠪᠠᠰᠤᠷᠠᠯ ᠢ ᠴᠢᠩᠭᠠᠳᠬᠠᠨ᠎ᠠ᠃ ᠤᠯᠠᠨ ᠤᠯᠤᠰ ᠤᠨ ᠬᠢᠨᠠᠯᠲᠠ ᠬᠠᠮᠢᠶᠠᠷᠤᠯᠲᠠ ᠶᠢᠨ ᠵᠣᠬᠢᠴᠠᠭᠤᠯᠬᠤ  ᠲᠣᠭᠲᠠᠴᠠ ᠳᠤ ᠰᠠᠶᠢᠳᠤᠷ ᠣᠷᠣᠯᠴᠠᠵᠤ᠂ ᠬᠢᠨᠠᠯᠲᠠ ᠬᠠᠮᠢᠶᠠᠷᠤᠯᠲᠠ ᠶᠢ ᠬᠠᠷᠢᠯᠴᠠᠨ ᠮᠡᠳᠡᠷᠡᠯᠴᠡᠬᠦ   ᠶᠢ  ᠠᠬᠢᠭᠤᠯᠵᠤ  ᠂  ᠪᠡᠭᠡᠵᠢᠩ  ᠲᠢᠶᠠᠨᠵᠢᠨ ᠾᠧᠪᠸᠢ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ᠂ ᠬᠥᠬᠡᠮᠥ᠋ᠷᠡᠨ ᠤ ᠭᠤᠷᠪᠠᠯᠵᠢᠨ ᠬᠤᠶᠢᠭ ᠵᠡᠷᠭᠡ‌ᠣᠷᠣᠨ ᠪᠦᠰᠡ ᠶᠢᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ  ᠳᠡᠯᠡᠬᠡᠢ ᠶᠢᠨ  ᠲᠡᠷᠢᠭᠦᠨ ᠤ  ᠲᠦᠪᠰᠢᠨ ᠳᠤ  ᠤᠷᠢᠳ ᠢᠶᠠᠷ ᠬᠦᠷᠭᠡᠬᠦ ᠶᠢ ᠠᠬᠢᠭᠤᠯᠤᠨ᠎ᠠ᠃  ︽ ᠬᠡᠷᠡᠭᠵᠢᠭᠦᠯᠬᠦ  ᠰᠠᠨᠠᠯ  ︾ ᠳᠤ  ᠂  ᠵᠣᠬᠢᠶᠠᠨ  ᠪᠠᠶᠢᠭᠤᠯᠤᠯᠲᠠ ᠶᠢᠨ  ᠤᠳᠤᠷᠢᠳᠤᠯᠭ᠎ᠠ ᠶᠢ  ᠴᠢᠩᠭᠠᠳᠬᠠᠵᠤ  ᠂ ᠵᠠᠰᠠᠯᠲᠠ ᠶᠢᠨ  ᠲᠣᠭᠲᠠᠴᠠ ᠶᠢ  ᠲᠡᠭᠦᠯᠳᠡᠷᠵᠢᠭᠦᠯᠵᠦ  ᠂  ᠲᠥᠷᠥ ᠶᠢᠨ  ᠪᠣᠳᠣᠯᠭ᠎ᠠ ᠶᠢᠨ  ᠪᠠᠲᠤᠯᠠᠭ᠎ᠠ ᠶᠢ  ᠴᠢᠩᠭᠠᠳᠬᠠᠵᠤ  ᠂ ᠠᠵᠢᠯᠲᠠᠨ ᠤ ᠶᠠᠪᠤᠳᠠᠯ ᠤᠨ  ᠬᠠᠮᠢᠶᠠᠷᠤᠯᠲᠠ ᠶᠢ  ᠰᠢᠯᠢᠳᠡᠭᠵᠢᠭᠦᠯᠵᠦ  ᠂  ᠬᠠᠷᠢᠭᠤᠴᠠᠯᠭ᠎ᠠ  ᠡᠭᠦᠷᠭᠡᠯᠡᠨ  ᠵᠢᠳᠬᠦᠯ  ᠴᠢᠷᠮᠠᠶᠢᠯᠭ᠎ᠠ‌ᠭᠠᠷᠭᠠᠬᠤ ᠶᠢ ᠵᠣᠷᠢᠭᠵᠢᠭᠤᠯᠵᠤ᠂ ᠡᠮ ᠲᠠᠩ ᠤᠨ  ᠬᠢᠨᠠᠯᠲᠠ  ᠬᠠᠮᠢᠶᠠᠷᠤᠯᠲᠠ ᠶᠢᠨ  ᠴᠢᠳᠠᠪᠤᠷᠢ ᠶᠢᠨ  ᠪᠠᠶᠢᠭᠤᠯᠤᠯᠲᠠ ᠶᠢ  ᠪᠥᠬᠦ ᠲᠠᠯ᠎ᠠ ᠪᠠᠷ ᠴᠢᠩᠭᠠᠳᠬᠠᠵᠤ᠂ ᠠᠷᠠᠳ  ᠣᠯᠠᠨ ᠤ  ᠪᠡᠶ᠎ᠡ  ᠮᠠᠬᠠᠪᠣᠳ ᠤᠨ  ᠡᠷᠡᠭᠦᠯ  ᠮᠡᠨᠳᠦ ᠶᠢ  ᠨᠠᠩ  ᠰᠠᠶᠢᠲᠤᠷ  ᠬᠠᠮᠠᠭᠠᠯᠠᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠵᠡᠢ  ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号