ᠬᠤᠲᠠ ᠶᠢᠨ ᠨᠣᠬᠠᠢ ᠳᠤ ︽ᠬᠠᠤᠯᠢ︾᠎ ᠲᠠᠢ ᠪᠣᠯᠣᠯ᠎ᠠ
ᠨᠡᠶᠢᠲᠡᠯᠡᠭᠰᠡᠨ ᠴᠠᠭ᠄
2021/5/6
    ᠨᠣᠬᠠᠢ ᠮᠡᠲᠦ ᠨᠥᠬᠦᠷ ᠣᠯᠬᠤᠶ᠎ᠠ ᠪᠡᠷᠬᠡ᠂ ᠨᠣᠬᠠᠢ ᠨᠢ ᠦᠭᠡᠶᠢᠭᠦᠦ ᠬᠥᠮᠥᠨ ᠳᠤ ᠲᠡᠵᠢᠭᠡᠭᠳᠡᠪᠡᠰᠦ ᠪᠠᠶᠠᠨ ᠬᠥᠮᠥᠨ ᠢ ᠥᠯᠥ ᠳᠠᠭᠠᠮᠤᠢ᠂ ᠬᠠᠷᠠᠴᠦ ᠬᠥᠮᠥᠨ ᠳᠤ ᠬᠠᠷᠠᠭᠳᠠᠪᠠᠰᠤ ᠬᠠᠭᠠᠨ ᠬᠥᠮᠥᠨ ᠢ ᠥᠯᠥ ᠳᠠᠭᠠᠮᠤᠢ᠃ ᠮᠣᠩᠭᠤᠯ ᠬᠡᠯᠡᠨ ᠤ ᠨᠣᠬᠠᠢ ᠭᠡᠰᠡᠨ ᠦᠭᠡ ᠶᠢᠨ ᠭᠠᠷᠤᠯ ᠢ ᠨᠢᠭᠲᠠᠯᠠᠪᠠᠯ ᠬᠥᠮᠥᠨ ᠤ ᠬᠠᠨᠢ᠂ ᠬᠥᠮᠥᠨ ᠤ ᠨᠥᠬᠦᠷ᠂ ᠬᠥᠮᠥᠨ ᠳᠤ ᠣᠶᠢᠷ᠎ᠠ ᠠᠮᠢᠲᠠᠨ ᠭᠡᠰᠡᠨ ᠤᠳᠬ᠎ᠠ ᠲᠠᠢ ᠭᠡᠵᠦ ᠮᠣᠩᠭᠤᠯ ᠤᠯᠤᠰ ᠤᠨ ᠡᠷᠳᠡᠮᠲᠡᠨ ᠳ᠋᠊᠂ ᠮᠠᠶᠢᠳᠠᠷ ᠲᠠᠶᠢᠯᠪᠤᠷᠢᠯᠠᠭᠰᠠᠨ ᠪᠢᠯᠡ᠃     ᠨᠣᠬᠠᠢ ᠨᠢ ᠬᠥᠮᠥᠨ ᠲᠥᠷᠥᠯᠬᠢᠲᠡᠨ ᠤ ︽ᠳᠣᠲᠣᠨᠣ ᠬᠠᠨᠢ︾ ᠪᠣᠯᠣᠭᠰᠠᠨ ᠤ ᠬᠤᠪᠢ ᠳᠤ ᠲᠡᠵᠢᠭᠡᠭᠰᠡᠨ ᠡᠵᠡᠨ ᠎ ᠳᠡᠭᠡᠨ ᠲᠦᠰᠢᠭ ᠪᠣᠯᠣᠭᠰᠠᠭᠠᠷ ᠢᠷᠡᠭᠰᠡᠨ ᠪᠥᠭᠡᠳ ᠣᠶᠢᠷ᠎ᠠ ᠶᠢᠨ ᠵᠢᠯ ᠠᠴᠠ ᠨᠠᠭᠠᠰᠢ ᠬᠤᠲᠠ ᠪᠠᠯᠭᠠᠰᠤᠨ ᠳᠤ ᠨᠣᠬᠠᠢ ᠲᠡᠵᠢᠭᠡᠬᠦ ᠬᠥᠮᠥᠨ ᠶᠠᠪᠤᠬᠤ ᠲᠤᠰᠤᠮ ᠤᠯᠠᠨ ᠪᠤᠯᠵᠦ ᠪᠠᠶᠢᠨ᠎ᠠ᠃ ᠭᠡᠪᠡᠴᠦ ᠬᠤᠲᠠ ᠪᠠᠯᠭᠠᠰᠤᠨ ᠳᠤ ᠨᠣᠬᠠᠢ ᠲᠡᠵᠢᠭᠡᠵᠦ ᠪᠠᠶᠢᠭ᠎ᠠ ᠬᠥᠮᠥᠰ ᠨᠣᠬᠠᠢ ᠪᠠᠨ ᠭᠠᠳᠠᠭᠰᠢ ᠠᠪᠴᠤ ᠭᠠᠷᠬᠤ ᠳᠤ ᠭᠢᠨᠵᠢ ᠶᠢ ᠨᠢ ᠠᠯᠳᠠᠷᠠᠭᠠᠵᠤ ᠳᠤᠷ᠎ᠠ ᠪᠠᠷ ᠎ ᠨᠢ ᠭᠦᠶᠦᠯᠭᠡᠬᠦ᠂ ᠠᠳᠡ ᠲᠡᠨᠳᠡ ᠦᠭᠡᠢ ᠪᠠᠭᠠᠯᠭᠠᠵᠤ ᠰᠢᠭᠡᠯᠭᠡᠬᠦ ᠵᠡᠷᠭᠡ ᠪᠣᠯᠪᠠᠰᠤᠨ ᠪᠤᠰᠤ ᠦᠵᠡᠭᠳᠡᠯ ᠵᠥᠩᠳᠡᠭᠡᠨ ᠭᠠᠷᠴᠤ ᠪᠠᠶᠢᠨ᠎ᠠ᠃     ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠤᠨ ᠬᠠᠤᠯᠢ︾᠎ ᠶᠢ 5 ᠰᠠᠷ᠎ᠠ ᠎ ᠶᠢᠨ 1᠎ ᠤ ᠡᠳᠦᠷ ᠠᠴᠠ ᠬᠡᠷᠡᠭᠵᠢᠭᠦᠯᠬᠦ ᠪᠠᠷ ᠪᠠᠶᠢᠨ᠎ᠠ᠃ ᠲᠤᠰ ᠬᠠᠤᠯᠢ ᠶᠢᠨ 30 ᠳ᠋ᠤᠭᠠᠷ ᠵᠤᠷᠪᠤᠰ ᠲᠤ ︽ᠠᠯᠪᠠᠨ ᠪᠠᠶᠢᠭᠤᠯᠭ᠎ᠠ ᠪᠣᠯᠣᠨ ᠬᠤᠪᠢ ᠬᠥᠮᠥᠨ ᠨᠣᠬᠠᠢ ᠲᠡᠵᠢᠭᠡᠪᠡᠯ ᠨᠣᠬᠠᠢ ᠳᠠᠭᠠᠨ ᠭᠠᠯᠵᠠᠭᠤ ᠡᠪᠡᠳᠴᠢᠨ ᠢ ᠰᠡᠷᠭᠡᠶᠢᠯᠡᠬᠦ ᠸᠠᠺᠼᠢᠠ ᠢ ᠲᠣᠭᠲᠠᠭᠰᠠᠨ ᠬᠤᠭᠤᠴᠠᠭ᠎ᠠ ᠲᠠᠢ ᠲᠠᠷᠢᠬᠤ ᠬᠡᠷᠡᠭᠲᠡᠢ᠃ ᠨᠣᠬᠠᠢ ᠪᠠᠨ ᠭᠠᠳᠠᠨ᠎ᠠ ᠭᠠᠷᠭᠠᠪᠠᠯ ᠲᠡᠮᠳᠡᠭ ᠵᠡᠭᠦᠯᠭᠡᠵᠦ ᠬᠢᠨᠵᠢᠯᠡᠬᠦ ᠬᠡᠷᠡᠭᠲᠡᠢ᠃ ᠨᠣᠬᠠᠢ ᠪᠠᠨ ᠭᠠᠳᠠᠨ᠎ᠠ ᠭᠠᠷᠭᠠᠭᠠᠳ ᠭᠢᠨᠵᠢᠯᠡᠬᠦ ᠦᠭᠡᠢ ᠪᠤᠶᠤ ᠲᠡᠮᠳᠡᠭ ᠵᠡᠭᠦᠯᠭᠡᠬᠦ ᠦᠭᠡᠢ ᠪᠣᠯ ᠬᠠᠤᠯᠢ ᠠᠴᠠ ᠵᠥᠷᠢᠴᠡᠨ᠎ᠡ︾ ᠭᠡᠵᠦ ᠲᠣᠭᠲᠠᠭᠠᠭᠰᠠᠨ ᠪᠠᠶᠢᠨ᠎ᠠ᠃
 
ᠢᠷᠡᠯᠲᠡ᠄ ᠲᠦᠪ ᠲᠧᠯᠸᠢᠰ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号