ᠸᠢᠴᠠᠲ ᠤᠨ  ᠣᠯᠠᠨ  ᠨᠡᠶᠢᠲᠡ  ᠶᠢᠨ  ᠳ᠋ᠤᠭᠠᠷ ᠤᠨ ᠬᠢᠨ ᠤ ᠬᠠᠮᠤᠭ ᠰᠢᠨ᠎ᠡ ᠠᠯᠪᠠᠨ ᠵᠠᠷ︕ ᠡᠳᠡᠭᠡᠷ ᠦᠢᠯᠡ ᠠᠵᠢᠯᠯᠠᠭ᠎ᠠ ᠶᠢ ᠡᠭᠦᠷᠢᠳᠡ ᠪᠢᠲᠡᠭᠦᠮᠵᠢᠯᠡᠨ ᠬᠠᠭᠠᠨ᠎ᠠ︕
ᠨᠡᠶᠢᠲᠡᠯᠡᠭᠰᠡᠨ ᠴᠠᠭ᠄
2021/6/23
    ︽ᠸᠢᠴᠠᠲ ᠤᠨ ᠠᠮᠤᠷ ᠲᠦᠪᠰᠢᠨ ᠤ  ᠲᠥᠪ︾  ᠸᠢᠴᠠᠲ ᠤᠨ  ᠣᠯᠠᠨ  ᠨᠡᠶᠢᠲᠡ ᠶᠢᠨ  ᠳ᠋ᠤᠭᠠᠷ ᠤᠨ  ᠮᠡᠳᠡᠭᠡ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ᠬᠢᠨ ᠲᠠᠪᠴᠠᠩ ᠤᠨ  ᠵᠠᠰᠠᠯᠲᠠ ᠶᠢ ᠤᠯᠠᠮ ᠴᠢᠨᠠᠬᠰᠢᠳᠠ ᠴᠢᠩᠭᠠᠳᠬᠠᠬᠤ ᠲᠤᠬᠠᠢ ᠠᠯᠪᠠᠨ ᠵᠠᠷ ᠨᠡᠶᠢᠲᠡᠯᠡᠪᠡ᠃ ᠪᠥᠬᠦ ᠠᠭᠤᠯᠭ᠎ᠠ ᠨᠢ ᠳᠤᠤᠷᠠᠬᠢ ᠮᠡᠲᠦ᠄       ᠸᠢᠴᠠᠲ ᠤᠨ ᠣᠯᠠᠨ ᠨᠡᠶᠢᠲᠡ ᠶᠢᠨ ᠳ᠋ᠤᠭᠠᠷ ᠤᠨ ᠬᠢᠨ  ᠬᠡᠷᠡᠭᠯᠡᠭᠴᠢᠳ ᠲᠤ ᠠᠮᠣᠷ ᠲᠦᠪᠰᠢᠨ᠂  ᠡᠷᠡᠭᠦᠯ  ᠰᠠᠷᠠᠭᠤᠯ  ᠰᠦᠯᠵᠢᠶᠡᠨ ᠤ ᠣᠷᠴᠢᠨ ᠲᠣᠭᠤᠷᠢᠨ ᠢ ᠬᠠᠩᠭᠠᠬᠤ ᠪᠠᠷ ᠴᠢᠷᠮᠠᠶᠢᠭᠰᠠᠭᠠᠷ ᠢᠷᠡᠭᠰᠡᠨ ᠪᠥᠭᠡᠳ  ᠲᠠᠪᠴᠠᠩ ᠳᠤ  ᠣᠷᠣᠰᠢᠵᠤ  ᠪᠠᠶᠢᠭ᠎ᠠ‌ᠬᠠᠤᠯᠢ  ᠲᠣᠭᠲᠠᠭᠠᠯ ᠠᠴᠠ  ᠵᠥᠷᠢᠴᠡᠭᠰᠡᠨ  ᠡᠯ᠎ᠡ  ᠵᠦᠢᠯ ᠤᠨ  ᠦᠢᠯᠡ  ᠠᠵᠢᠯᠯᠠᠭ᠎ᠠ ᠳᠤ  ᠡᠷᠡᠰ   ᠴᠣᠬᠢᠯᠲᠠ   ᠥᠭᠴᠡᠶ᠃ ᠬᠡᠷᠡᠭᠯᠡᠭᠴᠢ ᠶᠢᠨ ᠪᠡᠶᠡᠴᠢ ᠣᠶᠢᠯᠠᠭᠠᠯᠲᠠ ᠶᠢ ᠤᠯᠠᠮ ᠴᠢᠨᠠᠬᠰᠢᠳᠠ ᠰᠢᠯᠢᠳᠡᠭᠵᠢᠭᠦᠯᠵᠦ᠂ ᠬᠡᠷᠡᠭᠯᠡᠭᠴᠢ ᠶᠢᠨ ᠬᠠᠤᠯᠢ ᠶᠣᠰᠣᠨ ᠤ ᠡᠷᠬᠡ‌ᠠᠰᠢᠭ ᠢ ᠨᠠᠩ ᠰᠠᠶᠢᠨ ᠪᠠᠲᠤᠯᠠᠬᠤ ᠶᠢᠨ ᠲᠥᠯᠥᠭᠡ᠂ ︽ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢᠨ ᠵᠠᠰᠠᠯᠲᠠ ᠶᠢᠨ ᠲᠣᠭᠲᠠᠭᠠᠯ︾᠂ ︽ᠢᠨᠲ᠋ᠧᠷ ᠰᠦᠯᠵᠢᠶᠡᠨ ᠤ ᠬᠡᠷᠡᠭᠯᠡᠭᠴᠢ ᠶᠢᠨ ᠣᠯᠠᠨ ᠨᠡᠶᠢᠲᠡ ᠶᠢᠨ ᠲᠠᠩᠰᠠᠨ ᠨᠣᠮᠧᠷ ᠤᠨ ᠮᠡᠳᠡᠭᠡ‌ᠵᠠᠩᠭᠢ ᠶᠢᠨ  ᠦᠢᠯᠡᠴᠢᠯᠡᠭᠡᠨ ᠤ  ᠬᠠᠮᠢᠶᠠᠷᠤᠯᠲᠠ ᠶᠢᠨ  ᠲᠣᠭᠲᠠᠭᠠᠯ︾  ᠵᠡᠷᠭᠡ ᠶᠢᠨ  ᠱᠠᠭᠠᠷᠳᠠᠯᠭ᠎ᠠ  ᠶᠣᠰᠣᠭᠠᠷ᠂   ᠸᠢᠴᠠᠲ ᠤᠨ ᠲᠠᠪᠴᠠᠩ ᠤᠨ ᠬᠠᠮᠢᠶ᠎ᠠ ᠪᠥᠬᠦᠶ ᠦᠢᠯᠡᠴᠢᠯᠡᠭᠡᠨ ᠤ  ᠬᠡᠯᠡᠯᠴᠡᠭᠡᠷ  ᠵᠢᠴᠢ  ᠠᠵᠢᠯᠯᠠᠭᠠᠨ ᠤ  ᠵᠢᠷᠤᠮᠵᠢᠯ ᠳᠤ  ᠰᠠᠭᠤᠷᠢᠯᠠᠨ᠂  ᠲᠣᠰ ᠡᠳᠦᠷ ᠠᠴᠠ ᠡᠬᠢᠯᠡᠨ ᠳᠤᠤᠷᠠᠬᠢ ᠦᠢᠯᠡ ᠠᠵᠢᠯᠯᠠᠭ᠎ᠠ ᠳᠤ ᠴᠢᠭᠯᠡᠭᠦᠯᠦᠨ  ᠢᠯᠭᠠᠷᠠᠭᠤᠯᠤᠨ  ᠴᠡᠪᠡᠷᠯᠡᠨ᠎ᠡ᠄       1. ᠲᠡᠦᠬᠡ  ᠶᠢ ᠦᠭᠡᠶᠢᠰᠬᠡᠬᠦ ᠦᠵᠡᠯ ᠤᠨ ᠪᠤᠷᠤᠭᠤ ᠦᠭᠡ ᠶᠠᠷᠢᠶ᠎ᠠ᠂ ᠨᠠᠮ ᠤᠨ ᠲᠡᠦᠬᠡ ᠤᠯᠤᠰ ᠤᠨ  ᠲᠡᠦᠬᠡ  ᠴᠡᠷᠢᠭ ᠤᠨ  ᠲᠡᠦᠬᠡ ᠶᠢ  ᠮᠠᠭᠤ ᠰᠠᠨᠠᠭ᠎ᠠ ᠪᠠᠷ ᠭᠠᠵᠢᠭᠤᠳᠠᠭᠤᠯᠤᠭᠰᠠᠨ᠂ ᠭᠦᠳᠬᠡᠭᠰᠡᠨ᠂ ᠦᠭᠡᠶᠢᠰᠬᠡᠭᠰᠡᠨ ᠵᠡᠷᠭᠡ ᠠᠭᠤᠯᠭ᠎ᠠ ᠶᠢ  ᠲᠠᠷᠬᠠᠭᠠᠬᠤ︔       2.  ᠱᠠᠯᠢᠭ ᠵᠠᠪᠬᠠᠶ ᠪᠣᠯᠬᠢ ᠪᠦᠳᠦᠭᠦᠯᠢᠭ᠂ ᠴᠢᠰᠤᠲᠤ ᠬᠦᠴᠦᠷᠬᠡᠭᠯᠡᠯ ᠰᠦᠷᠳᠡᠭᠦᠯᠦᠯ ᠮᠤᠬᠤᠷ ᠪᠢᠰᠢᠷᠡᠯ ᠵᠡᠷᠭᠡ ᠬᠤᠤᠷ ᠬᠥᠨᠥᠭᠡᠯ ᠲᠠᠢ  ᠮᠡᠳᠡᠭᠡ‌ᠵᠠᠩᠭᠢ ᠪᠤᠶᠤ ᠬᠡᠪᠯᠡᠭᠳᠡᠬᠦᠨ ᠵᠢᠴᠢ ᠡᠷᠬᠡ ᠳᠤ  ᠬᠠᠯᠳᠠᠵᠤ  ᠬᠤᠯᠠᠭᠠᠶᠢᠯᠠᠨ  ᠬᠡᠪᠯᠡᠭᠰᠡᠨ  ᠵᠡᠷᠭᠡ  ᠬᠠᠤᠯᠢ  ᠪᠤᠰᠤ  ᠰᠦᠯᠵᠢᠶᠡᠨ ᠤ ᠬᠡᠪᠯᠡᠭᠳᠡᠬᠦᠨ ᠢ ᠦᠢᠯᠡᠳᠬᠦ᠂ ᠤᠯᠠᠮᠵᠢᠯᠠᠨ ᠲᠠᠷᠬᠠᠭᠠᠬᠤ︔     3. ᠨᠡᠶᠢᠲᠡ ᠶᠢᠨ  ᠡᠮᠬᠢ  ᠵᠢᠷᠤᠮ  ᠪᠠ  ᠰᠠᠶᠢᠨ  ᠰᠠᠶᠢᠬᠠᠨ  ᠬᠡᠪ‌ᠵᠠᠩᠰᠢᠯ ᠠᠴᠠ ᠵᠥᠷᠢᠴᠡᠭᠰᠡᠨ᠂ ᠨᠡᠶᠢᠭᠡᠮ ᠤᠨ ᠬᠡᠪ ᠰᠤᠷᠲᠠᠯ ᠢ ᠪᠣᠬᠢᠷᠲᠤᠭᠤᠯᠤᠭᠰᠠᠨ᠂ ᠪᠣᠯᠬᠢ ᠪᠦᠳᠦᠭᠦᠯᠢᠭ᠂ ︽ᠵᠥᠭᠡᠯᠡᠨ  ᠱᠠᠯᠢᠭ ᠵᠠᠪᠬᠠᠢ ᠶᠠᠭᠤᠮᠠᠰ︾ ᠵᠢᠴᠢ ᠴᠤᠤᠷᠬᠠᠯ᠂ ᠮᠠᠭᠤᠬᠠᠶ ᠰᠣᠨᠣᠰᠬᠠᠯ᠂ ᠮᠠᠭᠤ ᠦᠢᠯᠡ ᠠᠵᠢᠯᠯᠠᠭ᠎ᠠ᠂ ᠲᠥᠪ ᠴᠢᠩᠭ᠎ᠠ ᠰᠡᠳᠦᠪᠲᠦ  ᠵᠤᠭ᠎ᠠ‌‍ᠴᠡᠩᠭᠡᠬᠦᠨ ᠬᠡᠬᠦ ᠮᠡᠳᠦ ᠶᠢᠨ ᠨᠡᠶᠢᠭᠡᠮ ᠵᠢᠷᠤᠮ ᠤᠨ ᠭᠤᠣᠯᠯᠠᠬᠤ  ᠥᠷᠲᠡᠭ ᠤᠨ  ᠦᠵᠡᠯᠲᠡ ᠠᠴᠠ  ᠵᠥᠷᠢᠴᠡᠭᠰᠡᠨ  ᠠᠭᠤᠯᠭ᠎ᠠ ᠶᠢ ᠨᠡᠶᠢᠲᠡᠯᠡᠬᠦ ᠪᠠ ᠤᠯᠠᠮᠵᠢᠯᠠᠬᠤ ᠦᠢᠯᠡ ᠠᠵᠢᠯᠯᠠᠭ᠎ᠠ᠃           ᠳᠡᠭᠡᠷ᠎ᠡ  ᠳᠤᠷᠠᠳᠤᠭᠰᠠᠨ  ᠦᠢᠯᠡ  ᠠᠵᠢᠯᠯᠠᠭ᠎ᠠ  ᠣᠷᠣᠰᠢᠵᠤ  ᠪᠠᠶᠢᠭ᠎ᠠ‌‍ᠲ᠋ᠠᠩᠰᠠᠨ ᠤ ᠨᠣᠮᠧᠷ ︵ᠭᠡᠪᠡᠴᠦ ᠣᠯᠠᠨ ᠨᠡᠶᠢᠲᠡ ᠶᠢᠨ ᠨᠣᠮᠧᠷ᠂ ᠵᠢᠵᠢᠭ ᠫᠷᠤᠭ᠍ᠷᠠᠮ᠂ ᠬᠠᠷᠠᠭᠠᠨ ᠳᠠᠪᠲᠠᠮᠵᠢ ᠶᠢᠨ ᠨᠣᠮᠧᠷ  ᠵᠡᠷᠭᠡ ᠳᠤ ᠬᠢᠵᠠᠭᠠᠷᠯᠠᠭᠳᠠᠬᠤ ᠥᠬᠡᠶ︶ ᠢ ᠲᠠᠪᠴᠠᠩ ᠤᠨ ᠬᠢᠨ ᠪᠠᠶᠢᠴᠠᠭᠠᠨ ᠳᠣᠲᠣᠯᠠᠭᠰᠠᠨ ᠤ  ᠳᠠᠷᠠᠭ᠎ᠠ  ᠵᠣᠬᠢᠴᠠᠩᠭᠤᠶ  ᠰᠢᠢᠳᠭᠡᠯ ᠲᠤᠷᠭᠠᠭᠤᠯᠢ ᠬᠡᠷᠡᠭᠵᠢᠬᠦᠯᠬᠦ ᠶᠢᠨ ᠬᠠᠮᠲᠤ ᠬᠤᠯᠪᠣᠭᠳᠠᠯ  ᠪᠥᠬᠦᠶ  ᠠᠭᠤᠯᠭ᠎ᠠ ᠶᠢ   ᠨᠢ  ᠬᠠᠰᠤᠵᠤ  ᠬᠠᠶᠠᠨ᠎ᠠ᠃  ᠣᠯᠠᠨ ᠤᠳᠠᠭ᠎ᠠ  ᠰᠢᠢᠳᠪᠦᠷᠢᠯᠡᠭᠰᠡᠨ ᠤ  ᠳᠠᠷᠠᠭ᠎ᠠ  ᠮᠥᠨ  ᠯᠡ  ᠲᠣᠭᠲᠠᠭᠠᠯ ᠠᠴᠠ  ᠵᠥᠷᠢᠴᠡᠭᠰᠡᠨ  ᠠᠭᠤᠯᠭ᠎ᠠ ᠪᠠᠨ   ᠦᠷᠭᠦᠯᠵᠢᠯᠡᠨ ᠨᠡᠶᠢᠲᠡᠯᠡᠭᠰᠡᠨ᠂ ᠡᠰᠡᠬᠦᠯ᠎ᠡ ᠡᠯ᠎ᠡ ᠵᠦᠢᠯ ᠤᠨ ᠠᠷᠭ᠎ᠠ ᠪᠠᠷᠢᠯ ᠢ ᠵᠣᠷᠢᠭᠤᠳᠠ ᠠᠰᠢᠭᠯᠠᠨ  ᠮᠠᠭᠤ  ᠰᠠᠨᠠᠭ᠎ᠠ ᠪᠠᠷ  ᠡᠰᠡᠷᠭᠦᠴᠡᠯᠳᠦᠭᠰᠡᠨ ᠲᠠᠩᠰᠠᠨ ᠨᠣᠮᠧᠷ ᠲᠤ ᠴᠢᠭᠯᠡᠬᠦᠯᠦᠨ᠂  ᠲᠠᠪᠴᠠᠩ ᠤᠨ ᠬᠢᠨ  ᠲᠠᠩᠰᠠᠨ  ᠨᠣᠮᠧᠷ ᠢ ᠨᠢ  ᠡᠭᠦᠷᠢᠳᠡ  ᠪᠢᠲᠡᠭᠦᠮᠵᠢᠯᠡᠨ  ᠬᠠᠭᠠᠨ᠎ᠠ᠃ ᠸᠢᠴᠠᠲ ᠤᠨ  ᠣᠯᠠᠨ  ᠨᠡᠶᠢᠲᠡ ᠶᠢᠨ  ᠳ᠋ᠤᠭᠠᠷ ᠤᠨ ᠬᠢᠨ  ᠲᠠᠪᠴᠠᠩ ᠤᠨ  ᠳᠣᠲᠣᠷᠠᠬᠢ  ᠡᠷᠡᠭᠦᠯ  ᠪᠤᠰᠤ  ᠮᠡᠳᠡᠭᠡ   ᠵᠠᠩᠭᠢ ᠶᠢ ᠦᠷᠭᠦᠯᠵᠢᠯᠡᠨ  ᠢᠯᠭᠠᠷᠠᠭᠤᠯᠤᠨ  ᠴᠡᠪᠡᠷᠯᠡᠵᠦ᠂  ᠲᠠᠩᠰᠠᠨ  ᠨᠣᠮᠧᠷ ᠢ  ᠰᠠᠨᠠᠭᠠᠴᠢᠯᠠᠭ᠎ᠠ ᠠᠴᠠ ᠪᠠᠨ  ᠬᠥᠲᠥᠯᠦᠨ  ᠵᠢᠯᠣᠭᠤᠳᠴᠤ ᠪᠠᠶᠢᠭᠠᠳ  ᠨᠡᠶᠢᠭᠡᠮ ᠤᠨ  ᠭᠤᠤᠯ  ᠥᠷᠲᠡᠭ ᠤᠨ  ᠦᠵᠡᠯᠲᠡ ᠳᠤ  ᠨᠡᠶᠢᠴᠡᠬᠦ   ᠠᠭᠤᠯᠭ᠎ᠠ ᠶᠢ   ᠨᠡᠶᠢᠲᠡᠯᠡᠬᠦ ᠶᠢᠨ   ᠬᠠᠮᠲᠤ᠂  ᠬᠡᠷᠡᠭᠯᠡᠭᠴᠢ ᠶᠢᠨ ᠢᠯᠡᠴᠢᠯᠡᠨ ᠮᠡᠳᠡᠭᠦᠯᠬᠦ᠂  ᠮᠡᠷᠭᠡᠵᠢᠯ ᠤᠨ  ᠬᠢᠨᠠᠨ  ᠬᠠᠷᠭᠤᠭᠤᠯᠬᠤ  ᠪᠠ  ᠬᠥᠮᠦᠨ ᠤ  ᠬᠦᠴᠦ ᠪᠠᠷ  ᠲᠣᠭᠤᠷᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠪᠴᠠᠩ ᠤᠨ ᠠᠭᠤᠯᠭ᠎ᠠ ᠶᠢᠨ ᠠᠮᠢ ᠠᠬᠤᠶ ᠶᠢᠨ ᠵᠠᠰᠠᠯᠲᠠ ᠶᠢᠨ  ᠦᠷ᠎ᠡ ᠪᠦᠲᠦᠮᠵᠢ ᠶᠢ ᠤᠯᠠᠮ ᠴᠢᠨᠠᠬᠰᠢᠳᠠ ᠴᠢᠩᠭᠠᠳᠬᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号