ᠭᠤᠷᠪᠠᠨ ᠬᠡᠥᠬᠡᠳ ᠠᠪᠴᠤ ᠪᠣᠯᠬᠤ ᠲᠥᠷᠥ ᠶᠢᠨ ᠪᠣᠳᠣᠯᠭ᠎ᠠ‌ᠢᠷᠡᠯ᠎ᠡ
ᠨᠡᠶᠢᠲᠡᠯᠡᠭᠰᠡᠨ ᠴᠠᠭ᠄
2021/6/8
    ᠨᠠᠮ ᠤᠨ  ᠲᠥᠪ  ᠬᠤᠷᠢᠶᠠᠨ ᠤ  ᠤᠯᠤᠰ  ᠲᠥᠷᠥ ᠶᠢᠨ  ᠲᠣᠪᠴᠢᠶ᠎ᠠ‌ᠬᠤᠷᠠᠯ ᠬᠤᠷᠠᠯᠳᠤᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠬᠥᠮᠦᠨ  ᠠᠮᠠ ᠵᠢᠨ‌ᠨᠠᠰᠤᠵᠢᠯ ᠢ ᠢᠳᠡᠪᠬᠢᠲᠡᠶ ᠠᠷᠭᠠᠴᠠᠬᠤ ᠴᠢᠬᠤᠯᠠ ᠶᠡᠭᠡ  ᠲᠥᠷᠥ ᠶᠢᠨ  ᠪᠣᠳᠣᠯᠭ᠎ᠠ  ᠠᠷᠭ᠎ᠠ  ᠬᠡᠮᠵᠢᠶ᠎ᠡ ᠶᠢᠨ  ᠲᠤᠬᠠᠶ  ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ  ᠬᠥᠮᠦᠨ  ᠠᠮᠠ ᠶᠢᠨ  ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠲᠤᠬᠠᠶ ᠲᠣᠭᠲᠠᠭᠠᠯ︾ ᠢ ᠬᠢᠨᠠᠨ ᠵᠥᠪᠯᠡᠪᠡ᠃ ᠬᠥᠮᠦᠨ ᠠᠮᠠ ᠵᠢᠨ‌ᠨᠠᠰᠤᠵᠢᠯ᠂ ᠦᠷᠡᠵᠢᠯ ᠤᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠵᠡᠷᠭᠡ ᠠᠰᠠᠭᠤᠳᠠᠯ ᠢ  ᠢᠳᠡᠪᠬᠢᠲᠡᠶ  ᠠᠷᠭᠠᠴᠠᠬᠤ ᠲᠤᠬᠠᠶ ᠬᠤᠷᠠᠯ ᠠᠴᠠ ᠴᠢᠬᠤᠯᠠ ᠪᠠᠶᠢᠷᠢᠯᠠᠭᠤᠯᠤᠯᠲᠠ ᠬᠢᠵᠡᠶ᠃ ᠬᠤᠷᠠᠯ ᠠᠴᠠ᠂ ᠦᠷᠡᠵᠢᠯ ᠤᠨ ᠲᠥᠷᠥ ᠶᠢᠨ ᠪᠣᠳᠣᠯᠭ᠎ᠠ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠡᠷ᠎ᠡ ᠡᠮ᠎ᠡ ᠬᠤᠶᠠᠭᠤᠯᠠ ᠭᠤᠷᠪᠠᠨ ᠬᠡᠦᠬᠡᠳ ᠠᠪᠴᠤ ᠪᠣᠯᠬᠤ ᠲᠥᠷᠥ ᠶᠢᠨ  ᠪᠣᠳᠣᠯᠭ᠎ᠠ  ᠵᠢᠴᠢ ᠢᠵᠢ  ᠪᠥᠷᠢᠳᠦᠭᠰᠡᠨ  ᠳᠡᠮᠵᠢᠯᠭᠡ ᠶᠢᠨ  ᠠᠷᠭ᠎ᠠ  ᠬᠡᠮᠵᠢᠶ᠎ᠡ ᠶᠢ  ᠬᠡᠷᠡᠭᠵᠢᠭᠦᠯᠬᠦ ᠨᠢ  ᠮᠠᠨ ᠤ  ᠤᠯᠤᠰ ᠤᠨ  ᠬᠥᠮᠦᠨ  ᠠᠮᠠ ᠶᠢᠨ ᠪᠦᠲᠦᠴᠡ ᠶᠢ ᠰᠠᠶᠢᠵᠢᠷᠠᠭᠤᠯᠬᠤ᠂ ᠬᠥᠮᠦᠨ  ᠠᠮᠠ ᠶᠢᠨ  ᠨᠠᠰᠤᠵᠢᠯ ᠢ  ᠢᠳᠡᠪᠬᠢᠲᠡᠶ   ᠠᠷᠭᠠᠴᠠᠬᠤ ᠤᠯᠤᠰ ᠤᠨ  ᠪᠠᠶᠢᠯᠳᠤᠬᠤ ᠪᠣᠳᠣᠯᠭ᠎ᠠ ᠶᠢ  ᠨᠠᠶᠢᠳᠠᠪᠤᠷᠢᠵᠢᠭᠤᠯᠬᠤ᠂  ᠮᠠᠨ ᠤ  ᠤᠯᠤᠰ ᠤᠨ  ᠬᠥᠮᠦᠨ ᠤ  ᠬᠦᠴᠦᠨ ᠤ  ᠡᠬᠢ   ᠪᠠᠶᠠᠯᠢᠭ ᠤᠨ   ᠲᠥᠷᠥᠯᠬᠢ ᠳᠠᠪᠠᠭᠤᠯᠢᠭ ᠢ ᠪᠠᠲᠤᠯᠠᠬᠤ ᠳᠤ ᠠᠰᠢᠭᠲᠠᠶ ᠶᠤᠮ ᠭᠡᠵᠦ ᠵᠢᠭᠠᠵᠤ ᠭᠠᠷᠭᠠᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号