︽1921︾ ᠺᠢᠨᠣ᠋ ᠶᠢ ᠮᠤᠩᠭᠤᠯ ᠢᠶᠠᠷ ᠤᠷᠴᠢᠭᠤᠯᠵᠦ ᠦᠵᠡᠭᠴᠢᠳ ᠲᠤ ᠬᠦᠷᠭᠡᠯ᠎ᠠ
ᠨᠡᠶᠢᠲᠡᠯᠡᠭᠰᠡᠨ ᠴᠠᠭ᠄
2021/7/12
    ᠲᠤᠮᠳᠠᠳᠦ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠵᠤ᠂ ᠲᠤᠮᠳᠠᠳᠦ ᠵᠢᠨ‌ᠦᠨᠳᠦᠰᠦᠲᠡᠨ ᠤ ᠬᠠᠮᠳᠤ ᠴᠤᠭᠴᠠ ᠶᠢᠨ ᠤᠬᠠᠮᠰᠠᠷ ᠢ ᠪᠠᠬᠢᠵᠢᠭᠦᠯᠵᠤ᠂ ᠦᠨᠳᠦᠰᠦᠲᠡᠨ ᠤ  ᠰᠡᠷᠬᠦᠨ  ᠮᠡᠨᠳᠦᠯᠳᠡ ᠶᠢᠨ  ᠠᠭᠤᠤ ᠶᠡᠭᠡ  ᠦᠢᠯᠡᠰ ᠢ  ᠠᠬᠢᠭᠤᠯᠬᠤ ᠶᠢᠨ  ᠲᠦᠯᠦᠭᠡ  ᠦᠪᠦᠷ   ᠮᠤᠩᠭᠤᠯ ᠤᠨ   ᠺᠢᠨᠣ᠋ ᠶᠢᠨ   ᠪᠦᠯᠦᠭᠯᠡᠯ ᠤᠨ   ᠬᠠᠷᠢᠶᠠᠨ  ᠳᠠᠬᠢ ᠦᠨᠳᠦᠰᠦᠲᠡᠨ ᠤ ᠺᠢᠨᠣ᠋ ᠤᠷᠴᠢᠭᠤᠯᠤᠨ ᠦᠢᠯᠡᠳᠬᠦ ᠲᠦᠪ ᠤᠨ ᠬᠢᠨ ︽1921 ︾ ᠺᠢᠨᠣ᠋ ᠶᠢ ᠰᠤᠩᠭᠤᠵᠦ ᠮᠤᠩᠭᠤᠯ  ᠬᠡᠯᠡ ᠪᠠᠷ ᠤᠷᠴᠢᠭᠤᠯᠤᠨ ᠦᠢᠯᠡᠳᠦᠭᠰᠡᠨ ᠤ ᠬᠠᠮᠳᠦ ᠤᠤᠯ ᠺᠢᠨᠣ᠋ ᠲᠠᠢ ᠠᠳᠠᠯᠢ ᠬᠤᠭᠤᠴᠠᠭᠠᠨ ᠳᠤ ᠨᠡᠪᠳᠡᠷᠡᠬᠦᠯᠵᠦ᠂ ᠲᠤᠮᠳᠠᠳᠦ  ᠤᠯᠤᠰ  ᠤᠨ ᠡᠪ ᠬᠠᠮᠳᠦ ᠨᠠᠮ ᠪᠠᠶᠢᠭᠤᠯᠤᠬᠳᠠᠬᠰᠠᠨ 100 ᠵᠢᠯ ᠤᠨ ᠤᠢ ᠳᠤ ᠪᠡᠯᠡᠭ ᠪᠤᠯᠭᠠᠨ ᠪᠠᠷᠢᠬᠰᠠᠨ ᠪᠠᠶᠢᠨ᠎ᠠ᠃ ︽1921︾ ᠮᠤᠩᠭᠤᠯ ᠤᠷᠴᠢᠭᠤᠯᠭ᠎ᠠ ᠶᠢᠨ ᠺᠢᠨᠣ᠋ ᠳᠤ᠂  ᠠᠩᠬᠠᠨ ᠤ  ᠪᠦᠯᠦᠭ ᠤᠨ  ᠳᠤᠮᠳᠠᠳᠤ  ᠤᠯᠤᠰ ᠤᠨ  ᠡᠪ‌ᠬᠠᠮᠲᠤᠴᠤᠳ  ᠬᠦᠴᠢᠷ  ᠪᠡᠷᠬᠡᠰᠢᠶᠡᠯᠲᠡᠢ  ᠴᠠᠭ  ᠦᠶ᠎ᠡ ᠳᠤ  ᠤᠯᠤᠰ ᠢᠶᠠᠨ  ᠮᠥᠬᠦᠯ ᠠᠴᠠ  ᠠᠪᠤᠷᠠᠬᠤ  ᠬᠦᠨᠳᠦ  ᠡᠭᠦᠷᠭᠡ ᠶᠢ ᠡᠭᠦᠷᠭᠡᠯᠡᠵᠦ᠂ ᠳᠤᠮᠳᠠᠳᠤ ᠤᠯᠤᠰ ᠤᠨ ᠬᠤᠪᠢᠰᠬᠠᠯ ᠤᠨ ᠢᠷᠡᠭᠡᠳᠦᠢ ᠶᠢ ᠴᠣ᠋ ᠰᠢᠨ᠎ᠡ ᠪᠠᠶᠢᠳᠠᠯ ᠲᠠᠢ  ᠪᠤᠯᠭᠠᠭᠰᠠᠨ  ᠦᠯᠢᠭᠡᠷ ᠢᠶᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠠᠭᠤᠤ ᠶᠡᠭᠡ ᠠᠶᠠᠨ ᠵᠠᠮ ᠤᠨ  ᠡᠬᠢᠯᠡᠯᠲᠡ ᠶᠢ  ᠠᠮᠢᠳᠤᠯᠢᠭ ᠢᠶᠠᠷ ᠢᠯᠡᠷᠡᠭᠦᠯᠦᠨ ᠲᠠᠨᠢᠭᠤᠯᠵᠦ᠂ ᠦᠵᠡᠭᠴᠢᠳ ᠲᠤ  ᠡᠬᠡ  ᠤᠯᠤᠰ ᠤᠨ ᠢᠶᠠᠨ  ᠬᠤᠪᠢ  ᠵᠠᠶᠠᠭ᠎ᠠ ᠯᠤᠭ᠎ᠠ  ᠬᠠᠮᠲᠤ ᠪᠠᠷ  ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ ᠮᠡᠳᠡᠷᠡᠭᠦᠯᠦᠭᠰᠡᠨ ᠪᠠᠶᠢᠨ᠎ᠠ᠃  
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号