ᠮᠠᠯᠴᠢᠨ ᠠᠶᠢᠯ  ᠢᠶᠠᠷ ᠰᠣᠷᠪᠣᠯᠵᠢᠯᠠᠯ᠎ᠠ
ᠨᠡᠶᠢᠲᠡᠯᠡᠭᠰᠡᠨ ᠴᠠᠭ᠄
2021/7/19
     ᠠᠪᠠᠭ᠎ᠠ ᠬᠤᠰᠢᠭᠤᠨ ᠤ  ᠴᠠᠭᠠᠨᠨᠠᠭᠤᠷ ᠰᠤᠮᠤ ᠶᠢᠨ ᠨᠤᠲᠤᠭ ᠲᠤ ᠵᠤᠰᠠᠵᠤ ᠪᠠᠶᠢᠭ᠎ᠠ ᠮᠠᠯᠴᠢᠨ ᠠᠶᠢᠯ ᠳᠤ ᠭᠠᠳᠠᠭᠠᠳᠤ ᠶᠢᠨ ᠰᠤᠷᠪᠤᠯᠵᠢᠯᠠᠭᠴᠢᠳ   ᠵᠣᠴᠢᠨ ᠪᠣᠯᠵᠣ ᠠᠶᠢᠯᠴᠢᠯᠠᠪᠠ᠃ ᠰᠥᠯ ᠰᠠᠶᠢᠲᠠᠢ ᠡᠨᠡ ᠨᠤᠲᠤᠭ ᠢ ᠲᠤᠰᠬᠠᠢ  ᠬᠠᠮᠠᠭᠠᠯᠠᠯᠲᠠ ᠲᠠᠢ  ᠪᠣᠯᠭᠠᠭᠰᠠᠨ ᠢᠶᠠᠷ ᠡᠪᠡᠰᠦᠨ ᠤ ᠭᠠᠷᠤᠴᠠ ᠤᠯᠠᠮ  ᠨᠡᠮᠡᠭᠳᠡᠵᠡᠢ  ᠃ ᠰᠢᠮᠡᠲᠦ ᠰᠣᠷᠭᠤᠭ ᠡᠪᠡᠰᠦ ᠨᠣᠭᠤᠭ᠎ᠠ᠂ ᠡᠮ ᠤᠨ ᠤᠷᠭᠤᠮᠠᠯ ᠶᠡᠬᠡᠲᠡᠢ ᠲᠤᠰ ᠭᠠᠵᠠᠷ ᠢ ᠡᠷᠦᠬᠡ ᠶᠢᠨ ᠬᠡᠷᠡᠭᠯᠡᠭᠡᠨ ᠳᠤ ᠬᠦᠷᠲᠡᠭᠡᠮᠵᠢ ᠰᠠᠶᠢᠲᠠᠢ ᠠᠰᠢᠭᠯᠠᠬᠤ ᠶᠢᠨ ᠵᠡᠷᠭᠡᠴᠡᠭᠡ ᠠᠶᠠᠯᠠᠯ ᠵᠢᠭᠤᠯᠴᠢᠯᠠᠯ ᠤᠨ ᠴᠢᠭᠯᠡᠯ ᠢᠶᠠᠷ ᠬᠥᠭᠵᠢᠭᠦᠯᠦᠭᠰᠡᠨ ᠢᠶᠠᠷ ᠬᠥᠳᠡᠭᠡ ᠶᠢᠨ   ᠶᠠᠳᠠᠭᠤᠷᠠᠯ ᠢ ᠪᠠᠭᠤᠷᠠᠭᠤᠯᠬᠤ ᠳᠤ  ᠶᠡᠬᠡᠬᠡᠨ  ᠠᠬᠢᠴᠠ ᠣᠯᠣᠭᠰᠠᠨ ᠪᠠᠶᠢᠨ᠎ᠠ᠃ ᠰᠤᠷᠪᠤᠯᠵᠢᠯᠠᠭᠴᠢᠳ ᠤᠨ ᠮᠠᠯᠴᠢᠨ  ᠪᠠᠭᠠᠨ᠎ᠠ ᠶᠢᠨ ᠬᠢ ᠪᠠᠷ  ᠠᠶᠢᠯᠴᠢᠯᠠᠵᠣ ᠶᠠᠪᠣᠬᠤ ᠳᠠᠭᠠᠨ ᠲᠡᠳᠡᠨ ᠤ ᠠᠵᠤ ᠠᠮᠢᠳᠤᠷᠠᠯ ᠪᠣᠯᠣᠨ ᠠᠷᠠᠯᠵᠢᠶᠠᠨ ᠤ ᠣᠷᠴᠢᠨ ᠲᠠᠢ ᠭᠠᠵᠠᠷ ᠳᠡᠭᠡᠷ᠎ᠡ ᠨᠢ ᠲᠠᠨᠢᠯᠴᠠᠪᠠ᠃  ᠰᠢᠨ᠎ᠡ ᠡᠷᠡᠨ ᠤ ᠮᠠᠯᠴᠢᠳ ᠵᠥᠪᠬᠡᠨ ᠮᠠᠯ ᠢᠶᠠᠨ ᠬᠠᠷᠢᠭᠤᠯᠬᠤ  ᠪᠢᠰᠢ᠂ ᠮᠠᠯ ᠤᠨ  ᠢᠶᠠᠨ ᠠᠰᠢᠭ ᠰᠢᠮ᠎ᠡ ᠶᠢ ᠬᠡᠷᠬᠢᠨ  ᠠᠷᠠᠯᠵᠢᠶᠠᠨ ᠤ ᠡᠷᠭᠢᠯᠲᠡ ᠳᠤ ᠣᠷᠣᠭᠤᠯᠵᠤ ᠶᠡᠭᠡ  ᠵᠠᠬ᠎ᠠ ᠵᠡᠭᠡᠯᠢ ᠳᠤ ᠨᠡᠶᠢᠯᠡᠭᠦᠯᠵᠦ ᠪᠠᠶᠢᠭ᠎ᠠ ᠰᠠᠶᠢᠨ ᠵᠢᠱᠢᠶ᠎ᠡ ᠶᠢ ᠠᠳᠡ ᠠᠴᠠ  ᠣᠯᠵᠣ ᠬᠠᠷᠠᠯ᠎ᠠ᠃ ᠮᠠᠯᠴᠢᠨ ᠪᠠᠭᠠᠨ᠎ᠠ ᠶᠢᠨ ᠬᠢ ᠪᠣᠯ ᠦᠪᠦᠷ ᠮᠤᠩᠭᠤᠯ ᠤᠨ 100 ᠰᠢᠯᠢᠳᠡᠭ ᠡᠷᠦᠬᠡ ᠶᠢᠨ ᠳᠣᠲᠣᠷᠠᠬᠢ 10 ᠣᠳᠣᠲᠠᠢ  ᠪᠣᠯᠪᠠᠰᠤᠨ ᠠᠶᠢᠯ ᠶᠤᠮ ᠪᠠᠶᠢᠨ᠎ᠠ  ᠃
 
 
ᠢᠷᠡᠯᠲᠡ᠄ ᠲᠦᠪ ᠲᠧᠯᠸᠢᠰ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号