ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠰᠦᠯᠳᠡ ᠨᠠᠮ ᠤᠨ ᠲᠤᠭ ᠤᠨ ᠲᠦᠷᠢᠮ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2021/7/20
    ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ︽ᠳᠤᠮᠳᠠᠳᠤ ᠤᠯᠤᠰ ᠤᠨ ᠡᠪ  ᠬᠠᠮᠲᠤ ᠨᠠᠮ ᠤᠨ ᠨᠠᠮ ᠤᠨ ᠰᠦᠯᠳᠡ ᠨᠠᠮ ᠤᠨ ᠲᠤᠭ ᠤᠨ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ  ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ  ᠪᠠᠭᠤᠯᠭᠠᠵᠤ᠂  ᠡᠯ᠎ᠡ  ᠭᠠᠵᠠᠷ  ᠣᠷᠣᠨ  ᠡᠯ᠎ᠡ  ᠰᠠᠯᠠᠭ᠎ᠠ  ᠮᠥᠴᠢᠷ  ᠬᠢᠨᠠᠮᠠᠭᠠᠶ  ᠵᠢᠷᠤᠮᠯᠠᠨ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠪᠠ᠃  ᠮᠡᠳᠡᠭᠳᠡᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠰᠦᠯᠳᠡ ᠨᠠᠮ ᠤᠨ  ᠲᠤᠭ  ᠪᠣᠯ  ᠳᠤᠮᠳᠠᠳᠤ ᠤᠯᠤᠰ ᠤᠨ ᠡᠪ ᠬᠠᠮᠲᠤ ᠨᠠᠮ ᠤᠨ ᠪᠡᠯᠭᠡᠳᠡᠯ ᠪᠠ ᠪᠡᠯᠭᠡ ᠲᠡᠮᠳᠡᠭ ᠮᠥᠨ᠃  ᠨᠠᠮ ᠤᠨ  ᠰᠦᠯᠳᠡ  ᠨᠠᠮ ᠤᠨ  ᠲᠤᠭ ᠤᠨ  ᠨᠡᠷ᠎ᠡ ᠬᠦᠨᠳᠦ ᠶᠢ ᠬᠠᠮᠠᠭᠠᠯᠠᠬᠤ ᠪᠣᠯ ᠳᠠᠷᠤᠢ ᠨᠠᠮ ᠤᠨ ᠨᠡᠷ᠎ᠡ ᠬᠦᠨᠳᠦ ᠶᠢ ᠬᠠᠮᠠᠭᠠᠯᠠᠬᠤ ᠶᠠᠪᠤᠳᠠᠯ  ᠮᠥᠨ᠂  ᠡᠯ᠎ᠡ  ᠱᠠᠲᠤᠨ ᠤ  ᠨᠠᠮ ‍ᠤᠨ‌ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠨᠢᠭᠡᠪᠦᠷᠢ ᠶᠢᠨ ᠡᠷᠬᠡᠪᠰᠢ ᠭᠦᠢᠴᠡᠳᠬᠡᠬᠦ ᠤᠯᠤᠰ ᠲᠦᠷᠦ ᠶᠢᠨ  ᠬᠠᠷᠢᠭᠤᠴᠠᠯᠭ᠎ᠠ‌ᠮᠥ᠋ᠨ᠃ ︽ᠲᠦᠷᠢᠮ︾ ᠪᠣᠯ ᠮᠠᠨ ᠤ ᠨᠠᠮ ᠤᠨ ᠲᠡᠦᠬᠡᠨ ᠳᠡᠭᠡᠷᠡᠬᠢ ᠠᠩᠬᠠᠳᠠᠭᠴᠢ ᠨᠠᠮ ᠤᠨ ᠰᠦᠯᠳᠡ ᠨᠠᠮ ᠤᠨ ᠲᠤᠭ ᠤᠨ ᠲᠤᠬᠠᠶ ᠰᠠᠭᠤᠷᠢ ᠪᠣᠯᠬᠤ ᠭᠤᠤᠯ ᠪᠣᠯᠬᠤ ᠬᠠᠤᠯᠢ ᠲᠣᠭᠲᠠᠭᠠᠯ ᠮᠥᠨ᠂ ᠨᠠᠮ ᠤᠨ ᠰᠦᠯᠳᠡ ᠨᠠᠮ ᠤᠨ  ᠲᠤᠭ ᠢ  ᠦᠢᠯᠡᠳᠬᠦ᠂  ᠬᠡᠷᠡᠭᠯᠡᠬᠦ᠂ ᠬᠠᠮᠢᠶᠠᠷᠬᠤ ᠶᠢᠨ ᠦᠨᠳᠦᠰᠦᠨ ᠵᠢᠷᠤᠮᠯᠠᠯ ᠮᠥᠨ᠃ ︽ᠲᠦᠷᠢᠮ︾ ᠨᠢ ᠨᠠᠮ ᠤᠨ ᠲᠦᠷᠢᠮ ᠢᠶᠠᠷ ᠦᠨᠳᠦᠰᠦᠨ ᠵᠢᠷᠤᠮᠯᠠᠯ ᠪᠣᠯᠭᠠᠵᠤ᠂ ᠨᠢᠭᠡᠨᠲᠡ ᠪᠠᠶᠢᠭ᠎ᠠ ᠰᠠᠶᠢᠨ ᠠᠷᠭ᠎ᠠ ᠬᠢᠳᠡᠯ ᠢ ᠵᠠᠯᠭᠠᠮᠵᠢᠯᠠᠵᠤ᠂ ᠦᠢᠯᠡᠳᠦᠯᠭᠡ ᠶᠢᠨ ᠰᠢᠨ᠎ᠡ  ᠲᠤᠷᠰᠢᠯᠭ᠎ᠠ ᠶᠢ  ᠰᠢᠩᠭᠡᠭᠡᠨ  ᠠᠪᠴᠤ᠂ ᠨᠠᠮ ᠤᠨ ᠰᠦᠯᠳᠡ ᠨᠠᠮ ᠤᠨ ᠲᠤᠭ ᠤᠨ ᠠᠵᠢᠯ ᠳᠤ ᠪᠦᠬᠦ ᠲᠠᠯ᠎ᠠ ᠶᠢᠨ ᠵᠢᠷᠤᠮᠵᠢᠯ ᠲᠣᠭᠲᠠᠭᠠᠪᠠ᠃ ︽ᠲᠦᠷᠢᠮ︾ ᠢ  ᠲᠣᠭᠲᠠᠭᠠᠵᠤ ᠬᠡᠷᠡᠭᠵᠢᠭᠦᠯᠦᠭᠰᠡᠨ ᠨᠢ ᠨᠠᠮ ᠤᠨ ᠰᠦᠯᠳᠡ ᠨᠠᠮ ᠤᠨ ᠲᠤᠭ ᠤᠨ ᠤᠯᠤᠰ ᠲᠥᠷᠥ ᠶᠢᠨ ᠴᠢᠳᠠᠮᠵᠢ ᠶᠢ  ᠭᠦᠢᠴᠡᠳ  ᠪᠠᠳᠠᠷᠠᠭᠤᠯᠵᠤ᠂ ᠨᠠᠮ ᠤᠨ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠴᠢᠩᠭᠠᠷᠠᠭᠤᠯᠵᠤ᠂  ᠨᠠᠮ ᠤᠨ  ᠭᠡᠰᠢᠭᠦᠨ ᠤ  ᠨᠠᠮ ᠤᠨ  ᠤᠬᠠᠮᠰᠠᠷ ᠢ ᠬᠥᠭᠵᠢᠭᠡᠵᠦ᠂ ᠪᠥᠬᠦ ᠨᠠᠮ ᠤᠨ ᠣᠭ ᠰᠠᠨᠠᠭ᠎ᠠ ᠪᠠᠨ ᠥᠯᠥ ᠮᠠᠷᠲᠠᠵᠤ᠂  ᠡᠭᠦᠷᠭᠡ  ᠬᠠᠷᠢᠭᠤᠴᠠᠯᠭ᠎ᠠ ᠪᠠᠨ  ᠪᠠᠲᠤ  ᠴᠡᠭᠡᠵᠢᠯᠡᠬᠦ ᠶᠢ ᠵᠣᠷᠢᠭᠵᠢᠭᠤᠯᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠠᠮ ᠤᠨ ᠲᠤᠭ ᠤᠨ ᠳᠤᠤᠷ᠎ᠠ ᠡᠷᠡᠯᠬᠡᠭᠯᠡᠨ ᠤᠷᠤᠭᠰᠢᠯᠠᠬᠤ ᠳᠤ ᠲᠦᠢᠯ ᠤᠨ  ᠴᠢᠬᠤᠯᠠ ᠠᠴᠢ ᠬᠤᠯᠪᠣᠭᠳᠠᠯ ᠲᠠᠢ ᠶᠤᠮ᠃  ᠮᠡᠳᠡᠭᠳᠡᠯ ᠳᠤ ᠱᠠᠭᠠᠷᠳᠠᠭᠰᠠᠨ ᠨᠢ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ  ︽ᠲᠦᠷᠢᠮ︾ ᠢ  ᠬᠢᠨᠠᠮᠠᠭᠠᠶ ᠰᠤᠷᠤᠯᠴᠠᠨ ᠲᠤᠤᠱᠯᠠᠭᠤᠯᠵᠤ᠂  ᠤᠬᠠᠭᠤᠯᠬᠤ  ᠡᠷᠴᠢᠮ ᠢᠶᠠᠨ  ᠴᠢᠩᠭᠠᠷᠠᠭᠤᠯᠤᠨ  ᠂  ᠨᠠᠮ ᠤᠨ  ᠰᠦᠯᠳᠡ  ᠨᠠᠮ ᠤᠨ  ᠲᠤᠭ ‍ᠤᠨ‌ᠮᠡᠳᠡᠯᠭᠡ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠨᠠᠮ ᠤᠨ ᠭᠡᠰᠢᠭᠦᠨ ᠤ ᠬᠥᠮᠦᠵᠢᠯ ᠪᠣᠯᠪᠠᠰᠤᠷᠠᠭᠤᠯᠤᠯ᠂  ᠨᠠᠮ ᠳᠤ ᠣᠷᠣᠬᠤ ᠢᠳᠡᠪᠬᠢᠲᠡᠶ ᠬᠥᠮᠦᠰ ᠤᠨ ᠪᠣᠯᠪᠠᠰᠤᠷᠠᠭᠤᠯᠤᠯ ᠤᠨ ᠴᠢᠬᠤᠯᠠ ᠠᠭᠤᠯᠭ᠎ᠠ ᠪᠣᠯᠭᠠᠵᠤ᠂ ᠥᠷᠭᠡᠨ ᠣᠯᠠᠨ ᠨᠠᠮ ᠤᠨ ᠭᠡᠰᠢᠭᠦᠨ ᠪᠠ  ᠠᠷᠠᠳ  ᠣᠯᠠᠨ ᠢ  ᠬᠥᠮᠦᠵᠢᠭᠦᠯᠦᠨ  ᠵᠢᠯᠣᠭᠤᠳᠴᠤ  ᠪᠠᠶᠢᠭᠠᠳ  ᠨᠠᠮ ᠤᠨ  ᠰᠦᠯᠳᠡ  ᠨᠠᠮ ᠤᠨ  ᠲᠤᠭ ᠤᠨ  ᠭᠦᠨᠵᠡᠭᠡᠶ ᠠᠭᠤᠯᠤᠭᠳᠠᠬᠤᠨ ᠪᠠ ᠠᠵᠢᠯ ᠤᠨ ᠱᠠᠭᠠᠷᠳᠠᠯᠭ᠎ᠠ ᠶᠢ ᠵᠥᠪ ᠲᠠᠨᠢᠭᠤᠯᠵᠤ᠂ ᠨᠠᠮ ᠤᠨ ᠰᠦᠯᠳᠡ ᠨᠠᠮ ᠤᠨ ᠲᠤᠭ  ᠵᠢᠴᠢ  ᠲᠡᠭᠦᠨ ᠤ ᠬᠡ ᠵᠢᠷᠤᠭ ᠢ ᠤᠬᠠᠮᠰᠠᠷ ᠠᠴᠠ ᠪᠠᠨ ᠵᠢᠷᠤᠮᠵᠢᠭᠤᠯᠤᠨ ᠬᠡᠷᠡᠭᠯᠡᠬᠦ ᠬᠡᠷᠡᠭᠲᠡᠶ᠃ ᠲᠥᠪ ᠬᠤᠷᠢᠶᠠᠨ ᠤ ᠵᠣᠬᠢᠶᠠᠨ ᠪᠠᠶᠢᠭᠤᠯᠬᠤ  ᠬᠡᠯᠲᠡᠰ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠪᠠᠳᠠᠨ ᠵᠢᠯᠣᠭᠤᠳᠬᠤ ᠪᠠᠨ ᠴᠢᠩᠭᠠᠳᠬᠠᠵᠤ᠂ ︽ᠲᠦᠷᠢᠮ︾ ᠤᠨ ᠡᠯ᠎ᠡ‌ᠵᠦ᠋ᠢᠯ ᠤᠨ ᠲᠣᠭᠲᠠᠭᠠᠯ ᠤᠨ ᠪᠦᠲᠦᠮᠵᠢᠲᠡᠢ ᠨᠠᠶᠢᠳᠠᠪᠤᠷᠢᠵᠢᠭᠤᠯᠤᠭᠳᠠᠬᠤ ᠶᠢ ᠦᠨᠡᠨ ᠬᠦ  ᠪᠠᠲᠤᠯᠠᠬᠤ  ᠬᠡᠷᠡᠭᠲᠡᠢ᠃  ᠡᠯ᠎ᠡ  ᠭᠠᠵᠠᠷ ᠣᠷᠣᠨ  ᠡᠯ᠎ᠡ  ᠰᠠᠯᠠᠭ᠎ᠠ  ᠮᠥᠴᠢᠷ ᠤᠨ ᠬᠢᠨ  ︽ᠲᠦᠷᠢᠮ︾ ᠢ  ᠬᠡᠷᠡᠭᠵᠢᠭᠦᠯᠬᠦ  ᠶᠠᠪᠤᠴᠠ ᠳᠠᠬᠢ  ᠴᠢᠬᠤᠯᠠ  ᠪᠠᠶᠢᠳᠠᠯ  ᠪᠣᠯᠤᠨ ᠰᠠᠨᠠᠭᠤᠯᠭ᠎ᠠ ᠶᠢ ᠴᠠᠭ ᠲᠤᠬᠠᠢ ᠳᠤᠨᠢ ᠨᠠᠮ ᠤᠨ ᠲᠥᠪ ᠬᠤᠷᠢᠶ᠎ᠠ ᠳᠤ ᠮᠡᠳᠡᠭᠦᠯᠬᠦ ᠬᠡᠷᠡᠭᠲᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号