ᠲᠤᠷᠠᠯᠠᠯᠲᠤ ᠬᠤᠤᠰ ᠤᠨ ᠵᠢᠷᠭᠠᠯᠲᠤ ᠠᠮᠢᠳᠣᠷᠠᠯ
ᠨᠡᠶᠢᠲᠡᠯᠡᠭᠰᠡᠨ ᠴᠠᠭ᠄
2021/8/13
    ᠲᠠᠯ᠎ᠠ ᠶᠢᠨ ᠨᠤᠭᠤᠭᠠᠨ ᠳᠡᠨᠵᠢᠨ ᠳᠠᠬᠢ ᠲᠠᠨᠠᠨ ᠴᠠᠭᠠᠨ ᠮᠣᠩᠭᠤᠯ ᠭᠡᠷ ᠰᠢᠨ᠎ᠡ ᠮᠠᠶ᠋ᠢᠭ ᠤᠨ ᠡᠳ᠋ᠯᠡᠯ ᠬᠡᠷᠡᠭᠰᠡᠯ ᠢᠶᠠᠷ ᠥᠪᠴᠢ ᠴᠢᠮᠡᠭᠯᠡᠭᠳᠡᠵᠦ᠂ ᠵᠠᠯᠠᠭᠤ ᠬᠤᠣᠰ ᠤᠨ ᠰᠢᠨ᠎ᠡ ᠠᠮᠢᠳᠣᠷᠠᠯ ᠢᠨᠢᠶᠡᠳᠦ ᠪᠠᠶᠠᠷ ᠲᠠᠢ᠂ ᠢᠲᠡᠭᠡᠯ ᠳᠦᠭᠦᠷᠡᠩ ᠡᠬᠢᠯᠡᠵᠦ ᠪᠠᠶᠢᠨ᠎ᠡ᠃         ᠪᠠᠷᠠᠭᠤᠨ ᠦᠵᠦᠮᠦᠴᠢᠨ  ᠬᠤᠰᠢᠭᠤᠨ  ᠤ ᠪᠠᠶᠠᠨᠬᠤᠰᠢᠭᠤ ᠰᠣᠮᠣᠨ  ᠤ ᠴᠢᠯᠠᠭᠤᠲᠤ ᠭᠠᠴᠠᠭᠠᠨ ᠤ ᠦᠨᠡᠨᠪᠠᠶᠠᠷ ᠭᠡᠷᠭᠡᠢ ᠬᠤᠪᠤᠷᠴᠡᠴᠡᠭ ᠲᠠᠢ ᠪᠠᠨ ᠬᠤᠶᠠᠭᠤᠯᠠ 2020 ᠤᠨ ᠳᠤ ᠬᠤᠷᠢᠮᠯᠠᠵᠤ᠂ ᠤᠰᠤ ᠴᠠᠬᠢᠯᠭᠠᠨ ᠠᠯᠢ ᠠᠯᠢ ᠨᠢ ᠴᠤ ᠲᠤᠲᠠᠬᠤ ᠦᠭᠡᠢ᠂ ᠣᠳᠣᠬᠢ ᠮᠠᠶ᠋ᠢᠭ ᠤᠨ ᠵᠠᠰᠠᠯ ᠴᠢᠮᠡᠭᠯᠡᠯ ᠲᠠᠢ ᠮᠤᠩᠭᠤᠯ ᠭᠡᠷ ᠲᠥᠭᠦᠭᠡᠷᠴᠤ ᠠᠶᠢᠯ ᠡᠷᠥᠬᠡ ᠪᠤᠯᠵᠠᠢ᠃ ᠨᠢᠭᠡ ᠨᠢ 50 ᠲᠡᠭᠰᠢ ᠳᠦᠷᠪᠡᠯᠵᠢᠨ ᠮᠧᠲᠷ᠂ ᠨᠥᠭᠦᠭᠡ ᠨᠢ 30 ᠲᠡᠭᠰᠢ ᠳᠦᠷᠪᠡᠯᠵᠢᠨ ᠮᠧᠲᠷ ᠤᠨ ᠡᠨᠡ ᠬᠦ ᠵᠡᠷᠭᠡᠴᠡᠭᠡ ᠬᠤᠶᠠᠷ ᠮᠤᠩᠭᠤᠯ ᠭᠡᠷ ᠤᠨ ᠰᠢᠷᠡᠭᠡ ᠰᠠᠨᠳᠠᠯᠢ᠂ ᠠᠪᠳᠠᠷ᠎ᠠ ᠬᠤᠷᠭᠤ ᠨᠢ ᠠᠰᠠᠷ ᠲᠠᠭᠲᠤ ᠶᠢᠨ ᠡᠳ᠋ᠯᠡᠯ ᠬᠡᠷᠡᠭᠰᠡᠯ ᠲᠠᠢ ᠠᠳᠠᠯᠢᠬᠠᠨ ᠶᠠᠩᠵᠤ ᠬᠡᠯᠪᠡᠷᠢ ᠲᠠᠢ ᠪᠠᠶᠢᠵᠤ᠂ ᠵᠣᠴᠢᠨ ᠤ ᠥᠷᠦᠭᠡ᠂ ᠬᠤᠭᠤᠯᠠ ᠤᠮᠳᠠ ᠶᠢᠨ ᠭᠡᠷ ᠭᠡᠵᠦ ᠬᠤᠶᠠᠷ ᠳᠠᠰᠣᠯᠭ᠎ᠠ ᠬᠤᠪᠢᠶᠠᠨ᠂ ᠭᠡᠷ ᠳᠤᠲᠤᠷ᠎ᠠ ᠪᠠᠨ ᠭᠠᠷ ᠬᠥᠷᠬᠦ ᠵᠠᠢ ᠳᠤ ᠤᠰᠤ ᠴᠠᠬᠢᠯᠭᠠᠨ ᠪᠦᠷᠢᠨ᠂ ᠪᠤᠳᠤᠭᠲᠤ ᠲᠧᠯᠸᠢᠰ᠂ ᠬᠥᠯᠳᠡᠭᠡᠭᠦᠷ ᠮᠠᠰᠢᠨ᠂ ᠬᠤᠪᠴᠠᠰᠤ ᠤᠭᠢᠶᠠᠬᠤ ᠮᠠᠰᠢᠨ᠂ ᠲᠤᠭᠤᠰᠤ ᠰᠤᠷᠤᠬᠤ ᠮᠠᠰᠢᠨ ᠵᠡᠷᠭᠡ ᠴᠠᠬᠢᠯᠭᠠᠨ ᠬᠡᠷᠡᠭᠰᠡᠯ ᠢ ᠢᠵᠢ ᠪᠦᠷᠢᠳᠦᠭᠦᠯᠵᠦ᠂ ᠳᠤᠯᠠᠭᠠᠨ ᠲᠠᠭᠠᠯᠠᠮᠵᠢᠲᠠᠢ᠂ ᠲᠤᠬᠢᠯᠢᠭ ᠰᠠᠶᠢᠬᠠᠨ ᠠᠮᠢᠳᠤᠷᠠᠵᠤ ᠪᠠᠶᠢᠯ᠎ᠠ︕       ᠦᠨᠡᠨᠪᠠᠶᠠᠷ᠂ ᠬᠤᠪᠤᠷᠴᠡᠴᠡᠭ ᠬᠤᠶᠠᠭᠤᠯᠠ ᠪᠠᠨ ᠶᠡᠷᠡᠭᠡᠳ ᠤᠨ ᠳᠤ ᠲᠥᠷᠦᠭᠰᠡᠨ ᠰᠢᠨ᠎ᠡ ᠴᠠᠭ ᠥᠶ᠎ᠡ ᠶᠢᠨ ᠵᠠᠯᠠᠭᠤᠴᠤᠳ ᠭᠡᠯ᠎ᠡ ᠴᠤ ᠤᠯᠠᠮᠵᠢᠯᠠᠯᠲᠤ ᠮᠣᠩᠭᠤᠯ ᠭᠡᠷ ᠲᠡᠭᠡᠨ ᠠᠶᠢᠯ ᠡᠷᠦᠬᠡ ᠪᠠᠨ ᠪᠣᠰᠬᠠᠵᠤ᠂ ᠮᠣᠷᠢ ᠤᠨᠤᠵᠤ᠂ ᠥᠨᠢᠶ᠎ᠡ ᠮᠠᠯ ᠢᠶᠠᠨ ᠰᠠᠭᠠᠨ ᠤᠯᠠᠮᠵᠢᠯᠠᠯᠲᠤ ᠮᠠᠯᠵᠢᠬᠤ ᠠᠮᠢᠳᠣᠷᠠᠯ ᠢᠶᠠᠨ ᠰᠢᠨ᠎ᠡ ᠴᠠᠭ ᠦᠶ᠎ᠡ ᠳᠤ ᠵᠣᠬᠢᠴᠠᠭᠤᠯᠤᠨ ᠬᠠᠭᠤᠴᠢᠨ ᠢᠶᠠᠨ ᠤᠷᠬᠢᠯ ᠦᠭᠡᠢ᠂ ᠰᠢᠨ᠎ᠡ ᠠᠴᠠ ᠬᠤᠴᠤᠷᠣᠯ ᠦᠭᠡᠢ ᠬᠦᠰᠡᠯ ᠳᠦᠭᠦᠷᠡᠩ᠂ ᠢᠲᠡᠭᠡᠯ ᠪᠠᠲᠤ ᠢᠷᠡᠬᠦ ᠮᠠᠷᠭᠠᠰᠢ ᠪᠠᠨ ᠤᠭᠳᠤᠨ᠎ᠠ᠃       ᠦᠩᠭᠡᠷᠡᠭᠰᠡᠨ ᠵᠠᠭᠤᠨ ᠳᠤ ᠨᠢᠭᠡ ᠠᠶᠢᠯ ᠭᠡᠷ ᠤᠨ ᠠᠷᠪᠠᠭᠠᠳ ᠠᠮᠠ ᠪᠥᠯᠢ ᠳᠥᠷᠪᠡ ᠲᠠᠪᠤᠬᠠᠨ ᠬᠠᠨ᠎ᠠ ᠲᠠᠢ ᠮᠣᠩᠭᠤᠯ ᠭᠡᠷ ᠲᠤ ᠥᠯᠦᠰᠭᠦᠯᠡᠩ ᠭᠠᠴᠢᠭ ᠢ ᠲᠤᠭᠤᠯᠵᠤ ᠪᠠᠶᠢᠭᠰᠠᠨ ᠪᠣᠯ᠂ ᠦᠭᠡᠷᠡᠴᠢᠯᠡᠯᠲᠡ ᠭᠥᠭᠵᠢᠯᠲᠡ ᠶᠢ ᠦᠩᠭᠡᠷᠡᠭᠡᠭᠡᠳ ᠥᠨᠥᠳᠦᠷ ᠪᠣᠯᠬᠤ ᠳᠤ ᠮᠠᠯᠴᠢᠳ ᠡᠶᠢᠨ ᠬᠦ ᠮᠠᠰᠢᠨ ᠮᠧᠬᠠᠨᠢᠭᠴᠢᠯᠠᠭᠰᠠᠨ ᠤᠳᠤᠬᠢᠴᠢᠯᠠᠭᠰᠠᠨ ᠰᠢᠨ᠎ᠡ ᠠᠮᠢᠳᠣᠷᠠᠯ ᠳᠤ ᠬᠦᠴᠦ ᠤᠶᠤᠨ ᠢᠶᠠᠨ ᠰᠦᠢᠵᠤ᠂ ᠠᠮᠢᠳᠣᠷᠠᠯ ᠦᠢᠯᠡᠰ ᠢᠶᠠᠨ ᠥᠭᠡᠳᠡ ᠪᠠᠨ ᠲᠠᠲᠠᠵᠤ ᠶᠠᠪᠤᠨᠠᠮ︕
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号