8 ᠰᠠᠷ᠎ᠡ ᠠᠴᠠ ᠡᠬᠢᠯᠡᠨ ᠭᠡᠷᠡᠭᠵᠢᠭᠦᠯᠭᠦ ᠰᠢᠨ᠎ᠡ ᠲᠦᠷᠢᠮ ᠲᠤᠭᠳᠠᠭᠠᠯ ᠤᠳ
ᠨᠡᠶᠢᠲᠡᠯᠡᠭᠰᠡᠨ ᠴᠠᠭ᠄
2021/8/17
    ᠴᠡᠷᠢᠭ ᠬᠥᠮᠦᠨ ᠤ ᠢᠷᠠᠭᠤ ᠠᠯᠳᠠᠷ ᠢ ᠬᠠᠤᠯᠢ ᠪᠠᠷ ᠬᠠᠮᠠᠭᠠᠯᠠᠨ᠎ᠠ                   8 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠴᠡᠷᠢᠭ ᠬᠥᠮᠦᠨ ᠤ  ᠢᠷᠠᠭᠤ  ᠠᠯᠳᠠᠷ  ᠪᠠ  ᠨᠡᠷ᠎ᠡ ᠬᠦᠨᠳᠦ ᠶᠢ ᠬᠠᠤᠯᠢ ᠴᠠᠭᠠᠵᠠ ᠪᠠᠷ ᠬᠠᠮᠠᠭᠠᠯᠠᠨ᠎ᠠ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠶᠠᠮᠠᠷᠪᠠ  ᠬᠡᠯᠪᠡᠷᠢ ᠪᠠᠷ ᠴᠡᠷᠢᠭ ᠬᠥᠮᠦᠨ ᠤ ᠢᠷᠠᠭᠤ ᠠᠯᠳᠠᠷ ᠢ  ᠮᠠᠭᠤᠯᠠᠵᠦ᠂  ᠮᠠᠭᠤᠰᠢᠶᠠᠨ  ᠳᠤᠷᠤᠮᠵᠢᠯᠠᠵᠤ᠂  ᠴᠡᠷᠢᠭ  ᠬᠥᠮᠦᠨ ᠤ  ᠨᠡᠷ᠎ᠡ  ᠬᠦᠨᠳᠦ ᠶᠢ ᠲᠤᠷᠤᠮᠵᠢᠯᠠᠨ ᠭᠤᠳᠤᠭᠠᠵᠤ᠂ ᠭᠦᠳᠬᠡᠵᠦ ᠪᠣᠯᠬᠤ ᠦᠭᠡᠢ ᠭᠡᠵᠦ ᠲᠣᠳᠣᠷᠬᠠᠶᠢᠯᠠᠪᠠ᠃                     ᠠᠰᠠᠷᠠᠮᠵᠢ ᠶᠢᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ                   ᠴᠡᠷᠢᠭ ᠤᠨ ᠠᠯᠪᠠᠨ ᠠᠴᠠ ᠪᠠᠭᠤᠭᠰᠠᠳ ᠤᠨ ᠬᠡᠷᠡᠭ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ  ᠶᠠᠮᠤᠨ  ᠮᠡᠳᠡᠭᠳᠡᠯ ᠨᠡᠶᠢᠲᠡᠯᠡᠵᠦ᠂ 8 ᠰᠠᠷ᠎ᠠ ᠶᠢᠨ 1 ᠤ ᠡᠳᠦᠷ ᠠᠴᠠ ᠡᠬᠢᠯᠡᠨ᠂ ᠬᠡᠰᠡᠭ  ᠴᠡᠷᠢᠭ ᠤᠨ  ᠠᠯᠪᠠᠨ ᠠᠴᠠ  ᠪᠠᠭᠤᠭᠰᠠᠳ  ᠪᠠ  ᠪᠤᠰᠤᠳ ᠠᠰᠠᠷᠠᠨ ᠬᠠᠷᠠᠭᠠᠯᠵᠠᠬᠤ ᠡᠲᠡᠭᠡᠳ ᠵᠡᠷᠭᠡ ᠬᠥᠮᠦᠰ ᠤᠨ ᠠᠰᠠᠷᠠᠮᠵᠢ ᠪᠠ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ  ᠳᠠᠬᠢᠨᠲᠠ ᠳᠡᠭᠡᠭᠰᠢᠯᠡᠭᠦᠯᠦᠨ᠎ᠡ ᠭᠡᠵᠡᠶ᠃                   ᠠᠷᠠᠳ ᠤᠨ ᠬᠡᠷᠡᠭᠯᠡᠭᠡᠨ ᠤ ᠥᠨᠳᠥᠷ ᠠᠰᠠᠷ ᠤᠨ  ᠭᠤᠳᠤᠮᠵᠢ ᠳᠤ  ᠴᠠᠬᠢᠯᠭᠠᠨ  ᠬᠥᠳᠡᠯᠭᠡᠭᠦᠷᠲᠦ  ᠳᠤᠭᠤᠶ ᠲᠡᠷᠭᠡ ᠵᠣᠭᠰᠣᠭᠠᠬᠤ ᠶᠢ ᠴᠠᠭᠠᠵᠠᠯᠠᠨ᠎ᠠ                     ︽ᠠᠷᠠᠳ ᠤᠨ  ᠬᠡᠷᠡᠭᠯᠡᠭᠡᠨ ᠤ  ᠦᠨᠳᠦᠷ   ᠪᠠᠷᠢᠯᠭ᠎ᠠ ᠶᠢᠨ   ᠭᠠᠯ   ᠰᠡᠷᠭᠡᠶᠢᠯᠡᠯᠲᠡ ᠶᠢᠨ   ᠠᠮᠤᠷ   ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ︾ ᠢ 8 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠠᠷᠠᠳ ᠤᠨ ᠬᠡᠷᠡᠭᠯᠡᠭᠡᠨ ᠤ ᠥᠨᠳᠥᠷ ᠪᠠᠷᠢᠯᠭ᠎ᠠ ᠶᠢᠨ ᠣᠯᠠᠨ ᠨᠡᠶᠢᠲᠡ ᠶᠢᠨ ᠡᠭᠦᠳᠡᠨ ᠲᠢᠩᠬᠢᠮ᠂ ᠲᠠᠷᠬᠠᠭᠠᠬᠤ ᠵᠠᠮ᠂ ᠠᠰᠠᠷ ᠤᠨ ᠱᠠᠲᠤ ᠶᠢᠨ ᠬᠤᠭᠤᠷᠣᠨᠳᠣᠬᠢ ᠠᠮᠤᠷ  ᠲᠦᠪᠰᠢᠨ  ᠭᠠᠷᠬᠤ  ᠡᠭᠦᠳᠡᠨ ᠳᠤ  ᠴᠠᠬᠢᠯᠭᠠᠨ  ᠬᠥᠳᠡᠯᠭᠡᠭᠦᠷᠲᠦ  ᠳᠤᠭᠤᠶ  ᠲᠡᠷᠭᠡ  ᠵᠣᠭᠰᠣᠭᠠᠬᠤ  ᠪᠤᠶᠤ  ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠳᠤ ᠴᠠᠬᠢᠯᠭᠠᠨ ᠴᠡᠨᠡᠭᠯᠡᠬᠦ ᠶᠢ ᠴᠢᠩᠭ᠎ᠠ ᠴᠠᠭᠠᠵᠠᠯᠠᠨ᠎ᠠ᠃                     ᠵᠣᠭᠤᠰ ᠤᠬᠢᠶᠠᠬᠤ ᠶᠢ ᠡᠰᠡᠷᠭᠦᠴᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ                 ︽ᠮᠥᠩᠭᠦᠨ  ᠭᠦᠢᠯᠭᠡᠭᠡᠨ ᠤ  ᠪᠠᠶᠢᠭᠤᠯᠤᠮᠵᠢ ᠶᠢᠨ  ᠵᠣᠭᠤᠰ  ᠤᠬᠢᠶᠠᠬᠤ ᠶᠢ  ᠡᠰᠡᠷᠭᠦᠴᠡᠬᠦ   ᠪᠠ   ᠰᠦᠷᠳᠡᠭᠦᠯᠦᠯ ᠢ ᠡᠰᠡᠷᠭᠦᠴᠡᠬᠦ ᠪᠠᠯᠠ ᠲᠣᠬᠢᠷᠠᠭᠤᠯᠭ᠎ᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ 8 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠠᠷᠭ᠎ᠠ ᠶᠢ  ᠦᠨᠳᠦᠰᠦᠯᠡᠪᠡᠯ᠂  ᠪᠠᠩᠬᠢ ᠶᠢᠨ  ᠪᠤᠰᠤ  ᠳᠥᠯᠥᠬᠦ  ᠪᠠᠶᠢᠭᠤᠯᠤᠮᠵᠢ᠂  ᠰᠦᠯᠵᠢᠶᠡᠨ ᠤ  ᠪᠠᠭ᠎ᠠ ᠲᠣᠭᠠᠨ ᠤ  ᠵᠢᠭᠡᠯᠡᠯᠭᠡ ᠶᠢᠨ  ᠺᠣᠮᠫᠠᠨᠢ  ᠵᠡᠷᠭᠡ ᠶᠢ  ᠵᠣᠭᠤᠰ   ᠤᠬᠢᠶᠠᠬᠤ ᠶᠢ   ᠡᠰᠡᠷᠭᠦᠴᠡᠬᠦ   ᠬᠢᠨᠠᠯᠲᠠ   ᠬᠠᠮᠢᠶᠠᠷᠤᠯᠲᠠ ᠳᠤ ᠣᠷᠣᠭᠤᠯᠤᠨ᠎ᠠ᠃                 ᠲᠣᠭᠲᠠᠭᠠᠯ ᠠᠴᠠ ᠵᠥᠷᠢᠴᠡᠨ ᠬᠥᠮᠦᠨ ᠤ ᠵᠢᠰᠦ ᠶᠢ ᠢᠯᠭᠠᠨ ᠲᠠᠨᠢᠬᠤ ᠨᠢ ᠡᠷᠬᠡ ᠳᠤ ᠬᠠᠯᠳᠠᠭᠰᠠᠨ  ᠠᠵᠢᠯᠯᠠᠭ᠎ᠠ ᠳᠤ ᠲᠤᠭᠠᠴᠠᠬᠳᠠᠨ᠎ᠡ                 ᠠᠷᠠᠳ ᠤᠨ ᠳᠡᠭᠡᠳᠦ ᠰᠢᠭᠦᠬᠦ ᠬᠤᠷᠢᠶ᠎ᠠ ᠠᠴᠠ᠂ 8  ᠰᠠᠷ᠎ᠠ ᠶᠢᠨ  1 ᠤ  ᠡᠳᠦᠷ ᠠᠴᠠ  ᠡᠬᠢᠯᠡᠨ᠂  ᠡᠵᠡᠩᠨᠡᠯᠲᠡ ᠶᠢᠨ ᠲᠠᠯᠠᠪᠤᠷ ᠭᠠᠵᠠᠷ᠂ ᠣᠯᠠᠨ ᠨᠡᠶᠢᠲᠡ ᠶᠢᠨ ᠲᠠᠯᠠᠪᠤᠷ ᠭᠠᠵᠠᠷ ᠲᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ  ᠲᠣᠭᠲᠠᠭᠠᠯ ᠤᠨ ᠲᠣᠭᠲᠠᠭᠠᠯ ᠢ ᠵᠥᠷᠢᠴᠡᠨ ᠬᠥᠮᠦᠨ ᠤ ᠵᠢᠰᠦ ᠶᠢ ᠢᠯᠭᠠᠨ ᠲᠠᠨᠢᠬᠤ ᠮᠡᠷᠭᠡᠵᠢᠯ ᠢᠶᠠᠷ ᠬᠥᠮᠦᠨ ᠤ  ᠵᠢᠰᠦ ᠶᠢ  ᠰᠢᠯᠭᠠᠨ  ᠨᠤᠲᠠᠯᠠᠬᠤ᠂ ᠢᠯᠭᠠᠨ ᠲᠠᠨᠢᠬᠤ ᠪᠤᠶᠤ ᠵᠠᠳᠠᠯᠬᠤ ᠪᠣᠯ ᠬᠥᠮᠦᠨ ᠤ  ᠨᠡᠷ᠎ᠡ  ᠬᠦᠨᠳᠦ ᠶᠢᠨ  ᠡᠷᠬᠡ  ᠠᠰᠢᠭ ᠲᠤ  ᠬᠠᠯᠳᠠᠭᠰᠠᠨ  ᠦᠢᠯᠡ ᠠᠵᠢᠯᠯᠠᠭ᠎ᠠ ᠳᠤ ᠲᠣᠭᠠᠴᠠᠭᠳᠠᠬᠤ ᠶᠣᠰᠣᠲᠠᠶ ᠭᠡᠵᠤ ᠲᠤᠳᠤᠷᠬᠠᠢ ᠲᠤᠭᠳᠠᠭᠠᠪᠡ᠃                   ᠰᠦᠯᠵᠢᠶᠡᠨ ᠳᠠᠬᠢ ᠵᠠᠷᠭᠤ ᠶᠢᠨ ᠡᠯᠧᠺᠲᠷᠣᠨᠴᠢᠯᠠᠭᠰᠠᠨ  ᠮᠠᠲ᠋ᠧᠷᠢᠶᠠᠯ ᠢ  ︽ᠤᠭ  ᠮᠠᠲ᠋ᠧᠷᠢᠶᠠᠯ︾ ᠲᠠᠢ  ᠠᠳᠠᠯᠢ ᠪᠠᠷ ᠦᠵᠡᠨ᠎ᠡ                   ︽ᠠᠷᠠᠳ ᠤᠨ ᠰᠢᠭᠦᠬᠦ ᠬᠤᠷᠢᠶᠠᠨ ᠤ ᠰᠦᠯᠵᠢᠶᠡᠨ ᠳᠠᠬᠢ ᠵᠠᠷᠭᠤ ᠶᠢᠨ ᠲᠦᠷᠢᠮ︾ ᠢ 8 ᠰᠠᠷ᠎ᠠ ᠶᠢᠨ 1 ᠤ ᠡᠳᠦᠷ ᠠᠴᠠ ᠡᠬᠢᠯᠡᠵᠦ  ᠬᠡᠷᠡᠭᠵᠢᠭᠦᠯᠦᠨ᠎ᠡ᠃  ᠠᠮᠤᠷ  ᠲᠦᠪᠰᠢᠨ  ᠨᠠᠶᠢᠳᠠᠪᠤᠷᠢᠲᠠᠢ  ᠪᠠᠶᠢᠬᠤ  ᠤᠷᠢᠲᠠᠯ  ᠳᠣᠣᠷ᠎ᠠ᠂ ᠡᠯᠧᠺᠲᠷᠤᠨᠴᠢᠯᠠᠭᠰᠠᠨ ᠮᠠᠲ᠋ᠧᠷᠢᠶᠠᠯ ᠢ ︽ᠤᠭ ᠮᠠᠲ᠋ᠧᠷᠢᠶᠠᠯ︾ ᠲᠠᠢ ᠠᠳᠠᠯᠢ ᠬᠦ᠋ᠴᠦᠨ ᠲᠠᠢ ᠪᠠᠷ ᠦᠵᠡᠵᠦ᠂  ᠠᠷᠠᠳ ᠤᠨ  ᠰᠢᠭᠦᠬᠦ  ᠬᠤᠷᠢᠶᠠᠨ ᠤ  ᠬᠢᠨᠠᠨ ᠬᠠᠷᠭᠤᠭᠤᠯᠤᠭᠠᠳ ᠪᠠᠲᠤᠯᠠᠭᠰᠠᠨ ᠡᠯᠧᠺᠲᠷᠤᠨᠴᠢᠯᠠᠭᠰᠠᠨ ᠮᠠᠲ᠋ᠧᠷᠢᠶᠠᠯ ᠢ ᠵᠠᠷᠭᠤ ᠶᠢᠨ ᠳᠤᠮᠳᠠ ᠰᠢᠭᠤᠳ ᠬᠡᠷᠡᠭᠯᠡᠵᠦ ᠪᠣᠯᠤᠨ᠎ᠠ ᠭᠡᠵᠦ ᠲᠣᠳᠣᠷᠬᠠᠶᠢᠯᠠᠪᠠ᠃               ᠭᠠᠶᠢᠯᠢ ᠲᠤᠰᠢᠶᠠᠭᠴᠢ ᠶᠢᠨ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠨ᠎ᠠ                       ᠤᠯᠤᠰ ᠤᠨ ᠭᠠᠶᠢᠯᠢ ᠶᠢᠨ  ᠶᠠᠪᠤᠳᠠᠯ ᠤᠨ  ᠶᠡᠷᠦᠩᠬᠡᠶ  ᠲᠣᠪᠴᠢᠶ᠎ᠠ  8  ᠰᠠᠷ᠎ᠠ ᠶᠢᠨ  1 ᠤ  ᠡᠳᠦᠷ ᠠᠴᠠ  ᠡᠬᠢᠯᠡᠨ ᠭᠠᠶᠢᠯᠢ ᠶᠢᠨ ᠶᠠᠪᠤᠳᠠᠯ ᠤᠨ ᠴᠢᠬᠤᠯᠠ ᠶᠡᠭᠡ ᠬᠡᠷᠡᠭ ᠤᠨ  ᠰᠢᠭᠦᠯᠲᠡ ᠳᠤ  ᠣᠷᠣᠯᠴᠠᠬᠤ  ᠬᠥᠮᠦᠰ  ᠬᠠᠤᠯᠢ  ᠶᠣᠰᠣᠭᠠᠷ  ᠭᠠᠶᠢᠯᠢ ᠲᠤᠰᠢᠶᠠᠭᠴᠢ ᠶᠢᠨ ᠬᠤᠳᠠᠯᠳᠤᠭᠠᠨ ᠤ ᠨᠢᠭᠤᠴᠠ ᠪᠠ ᠬᠤᠪᠢ ᠬᠥᠮᠦᠨ ᠤ ᠮᠡᠳᠡᠭᠡ ᠵᠠᠩᠭᠢ ᠶᠢᠨ ᠨᠢᠭᠤᠴᠠ ᠶᠢ ᠬᠠᠮᠠᠭᠠᠯᠠᠬᠤ ᠬᠡᠷᠡᠭᠲᠡᠶ ᠭᠡᠵᠤ ᠲᠤᠳᠤᠷᠬᠠᠢ ᠲᠤᠭᠳᠠᠭᠠᠪᠡ᠃                   ᠨᠡᠮᠡᠭᠳᠡᠯ ᠥᠷᠲᠡᠭ ᠤᠨ ᠭᠠᠶᠢᠯᠢ᠂ ᠭᠡᠷᠡᠭᠯᠡᠭᠡᠨ ᠤ  ᠭᠠᠶᠢᠯᠢ  ᠪᠠ  ᠨᠡᠮᠡᠯᠲᠡ  ᠭᠠᠶᠢᠯᠢ ᠶᠢᠨ  ᠵᠠᠷᠤᠳᠡᠯ ᠢ  ᠮᠡᠳᠡᠭᠦᠯᠬᠦ ᠬᠦᠰᠦᠨᠦᠭᠲᠦ ᠶᠢ ᠨᠡᠶᠢᠳᠭᠡᠨ᠎ᠡ     ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠠᠯᠪᠠᠨ ᠵᠠᠷ ᠢ ᠦᠨᠳᠦᠰᠦᠯᠡᠪᠡᠯ᠂ ᠡᠨᠡ  ᠵᠢᠯ ᠤᠨ 8 ᠰᠠᠷ᠎ᠠ ᠶᠢᠨ 1 ᠤ ᠡᠳᠦᠷ ᠠᠴᠠ ᠡᠬᠢᠯᠡᠨ᠂ ᠭᠠᠶᠢᠯᠢ ᠲᠤᠰᠢᠶᠠᠭᠴᠢ ᠨᠡᠮᠡᠭᠳᠡᠯ ᠥᠷᠲᠡᠭ ᠤᠨ ᠭᠠᠶᠢᠯᠢ᠂ ᠭᠡᠷᠡᠭᠯᠡᠭᠡᠨ ᠤ ᠭᠠᠶᠢᠯᠢ ᠶᠢ ᠮᠡᠳᠡᠭᠦᠯᠬᠦ ᠳᠡᠭᠡᠨ ᠬᠤᠲᠠ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ  ᠭᠠᠶᠢᠯᠢ᠂  ᠰᠤᠷᠭᠠᠨ  ᠬᠥᠮᠦᠵᠢᠯ ᠤᠨ  ᠨᠡᠮᠡᠯᠲᠡ‌ᠵᠠᠷᠤᠳᠠᠯ ᠪᠠ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠵᠠᠷᠤᠳᠠᠯ  ᠵᠡᠷᠭᠡ  ᠨᠡᠮᠡᠯᠲᠡ  ᠭᠠᠶᠢᠯᠢ ᠶᠢᠨ  ᠰᠦᠢᠳᠭᠡᠯ ᠢ ᠬᠠᠮᠲᠤ ᠳᠤᠨᠢ ᠭᠤᠶᠤᠴᠢᠯᠠᠨ ᠮᠡᠳᠡᠭᠦᠯᠬᠦ ᠬᠡᠷᠡᠭᠲᠡᠶ᠃          ᠥᠨᠳᠥᠷ ᠳᠤᠮᠳᠠᠳᠤ ᠶᠢᠨ ᠴᠡᠷᠢᠭ ᠤᠨ ᠪᠣᠯᠪᠠᠰᠤᠷᠠᠯ 7 ᠡᠳᠦᠷ ᠠᠴᠠ ᠳᠤᠲᠠᠭᠤ ᠪᠠᠶᠢᠵᠤ ᠪᠣᠯᠬᠤ ᠦᠭᠡᠢ           ︽ᠥᠨᠳᠥᠷ ᠳᠤᠮᠳᠠᠳᠤ ᠶᠢᠨ ᠱᠠᠲᠤᠨ ᠤ ᠰᠤᠷᠭᠠᠭᠤᠯᠢ ᠶᠢᠨ ᠰᠤᠷᠤᠭᠴᠢᠳ ᠤᠨ ᠴᠡᠷᠢᠭ ᠤᠨ  ᠪᠣᠯᠪᠠᠰᠤᠷᠠᠯ ᠤᠨ  ᠵᠢᠭᠠᠨ ᠰᠤᠷᠭᠠᠯᠲᠠ ᠶᠢᠨ ᠬᠥᠲᠥᠯᠪᠦᠷᠢ︾ ᠶᠢ 8 ᠰᠠᠷ᠎ᠠ ᠶᠢᠨ 1 ᠤ ᠡᠳᠦᠷ ᠠᠴᠠ ᠡᠬᠢᠯᠡᠵᠦ  ᠬᠡᠷᠡᠭᠵᠢᠭᠦᠯᠦᠨ᠎ᠡ᠃  ᠥᠨᠳᠥᠷ  ᠵᠡᠷᠭᠡ ᠶᠢᠨ ᠳᠤᠮᠳᠠᠳᠤ ᠰᠤᠷᠭᠠᠭᠤᠯᠢ ᠶᠢᠨ ᠴᠡᠷᠢᠭ ᠤᠨ ᠪᠣᠯᠪᠠᠰᠤᠷᠠᠯ ᠤᠨ ᠵᠢᠭᠠᠨ  ᠰᠤᠷᠭᠠᠯᠲᠠ ᠳᠤ  ᠴᠡᠷᠢᠭ ᠤᠨ  ᠶᠠᠪᠤᠳᠠᠯ ᠤᠨ  ᠦᠨᠳᠦᠰᠦᠨ ᠮᠡᠳᠡᠯᠭᠡ ᠪᠠ ᠴᠡᠷᠢᠭ ᠤᠨ ᠶᠠᠪᠤᠳᠠᠯ ᠤᠨ  ᠦᠨᠳᠦᠰᠦᠨ  ᠤᠷ᠎ᠠ  ᠴᠢᠳᠠᠪᠤᠷᠢ  ᠭᠡᠬᠦ  ᠬᠤᠶᠠᠷ  ᠬᠡᠰᠡᠭ ᠢ  ᠪᠠᠭᠲᠠᠭᠠᠵᠤ᠂  ᠵᠢᠭᠠᠨ ᠰᠤᠷᠭᠠᠯᠲᠠ ᠶᠢᠨ ᠴᠠᠭ ᠨᠢ 7 ᠠᠴᠠ 14 ᠡᠳᠦᠷ ᠪᠠᠶᠢᠵᠤ᠂ ᠨᠡᠶᠢᠲᠡ 7 ᠡᠳᠦᠷ ᠠᠴᠠ ᠳᠤᠲᠠᠭᠤ ᠪᠠᠶᠢᠵᠤ ᠪᠣᠯᠬᠤ ᠥᠬᠡᠶ᠃                   ᠦᠪᠤᠷ ᠮᠤᠩᠭᠤᠯ᠄ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ  ᠬᠤᠪᠢ  ᠬᠥᠮᠦᠨ ᠤ  ᠳᠠᠩᠰᠠᠨ ᠡᠷᠦᠬᠡ ᠪᠠᠷ ᠬᠡᠷ ᠪᠦᠯᠢ ᠶᠢᠨ ᠬᠢᠨ ᠤ ᠡᠪᠡᠳᠴᠢᠨ ᠦᠵᠡᠬᠦᠯᠬᠦ ᠵᠠᠷᠤᠳᠠᠯ ᠢ ᠲᠦᠯᠦᠵᠦ ᠪᠤᠯᠤᠨ᠎ᠠ               8  ᠰᠠᠷ᠎ᠠ ᠶᠢᠨ  1 ᠤ  ᠡᠳᠦᠷ ᠠᠴᠠ  ᠡᠬᠢᠯᠡᠨ᠂  ᠠᠵᠢᠯᠲᠠᠨ  ᠠᠵᠢᠯᠴᠢᠨ ᠤ  ᠦᠨᠳᠦᠰᠦᠨ   ᠡᠮ   ᠡᠮᠨᠡᠯᠭᠡ ᠶᠢᠨ ᠳᠠᠭᠠᠳᠬᠠᠯ ᠤᠨ  ᠬᠤᠪᠢ  ᠬᠥᠮᠦᠨ ᠤ  ᠲᠠᠩᠰᠠᠨ  ᠡᠷᠦᠬᠡ ᠶᠢ  ᠬᠡᠷ  ᠪᠦᠯᠢ ᠶᠢᠨ  ᠪᠦᠷᠢᠯᠳᠦᠬᠦᠨ ᠨᠢ  ᠵᠡᠷᠭᠡᠪᠡᠷ   ᠬᠡᠷᠡᠭᠯᠡᠵᠦ᠂ ᠳᠠᠭᠠᠳᠬᠠᠯ ᠳᠤ ᠣᠷᠣᠯᠴᠠᠭᠰᠠᠨ  ᠲᠣᠰ  ᠬᠥᠮᠦᠨ  ᠵᠢᠴᠢ  ᠲᠡᠭᠦᠨ ᠤ  ᠬᠤᠯᠪᠣᠰᠤ᠂  ᠡᠴᠢᠭᠡ  ᠡᠬᠡ᠂  ᠦᠷ᠎ᠡ  ᠬᠡᠦᠬᠡᠳ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠪᠡᠳᠴᠢᠨ  ᠦᠵᠡᠭᠦᠯᠬᠦ ᠳᠤ  ᠡᠭᠦᠰᠦᠭᠰᠡᠨ  ᠬᠤᠪᠢ  ᠬᠥᠮᠦᠨ ᠤ  ᠡᠭᠦᠷᠭᠡᠯᠡᠬᠦ ᠡᠮᠴᠢᠯᠡᠭᠡᠨ ᠤ ᠵᠠᠷᠤᠳᠠᠯ ᠵᠡᠷᠭᠡ ᠶᠢ ᠳᠥᠯᠥᠵᠦ ᠪᠣᠯᠤᠨ᠎ᠠ᠃    
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号