ᠪᠤᠳᠠᠳᠤ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠢᠳᠡᠭᠡᠯ ᠢ ᠤᠯᠤᠨ᠎ᠠ
ᠨᠡᠶᠢᠲᠡᠯᠡᠭᠰᠡᠨ ᠴᠠᠭ᠄
2021/8/20
    ᠰᠢᠯᠤᠭᠤᠨ ᠬᠦᠭᠡ ᠬᠤᠰᠢᠭᠤᠨ ᠤ ᠮᠠᠯᠵᠢᠬᠤ ᠤᠷᠤᠨ ᠤ ᠨᠡᠶᠢᠭᠡᠮ ᠲᠤᠭᠤᠷᠢᠭ ᠤᠨ ᠲᠤᠷᠰᠢᠯᠳᠠ ᠶᠢᠨ ᠴᠡᠭ ᠪᠤᠯᠬᠤ ᠨᠠᠷᠠᠳᠤ ᠰᠤᠮᠤ ᠶᠢᠨ ᠤᠷᠳᠤ ᠨᠡᠶᠢᠭᠡᠮ ᠲᠤᠭᠤᠷᠢᠭ ᠤᠨ ᠨᠠᠮ ᠤᠨ ᠡᠬᠦᠷ ᠤᠨ ᠱᠦᠵᠢ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠤᠨ ᠡᠷᠬᠢᠯᠡᠭᠴᠢ ᠵᠠᠩ ᠬᠠᠢ ᠹᠧᠩ ᠤᠨ ᠠᠯᠪᠠᠨ ᠰᠢᠷᠡᠭᠡᠨ ᠳᠡᠭᠡᠷᠡᠬᠢ ︽ᠠᠷᠠᠳ ᠤᠨ ᠶᠠᠪᠤᠳᠠᠯ ᠤᠨ ᠲᠡᠮᠳᠡᠭᠯᠡᠯ︾ ᠢ ᠡᠷᠬᠢᠬᠦᠯᠦᠨ ᠦᠵᠡᠬᠦ ᠳᠤ ᠦᠢᠷ᠎ᠠ ᠳᠤ ᠪᠦᠲᠤᠭᠡᠬᠦ ᠠᠵᠢᠯ ᠢᠶᠠᠨ ᠪᠢᠴᠢᠵᠤ᠂ ᠵᠠᠷᠢᠮ ᠲᠡᠭᠡᠷ᠎ᠠ ᠨᠢ ᠤᠨᠴᠠᠭᠠᠢ ᠲᠡᠮᠳᠡᠭ ᠲᠠᠯᠪᠢᠵᠤ ᠪᠠᠶᠢᠯ᠎ᠠ᠃ ᠡᠨᠡ ᠨᠢ ᠨᠢᠭᠡᠨᠲᠡ ᠳᠡᠬᠦᠨ ᠤ ᠬᠤᠷᠢᠨ ᠬᠤᠶᠠᠳᠤᠭᠠᠷ ᠲᠠᠪᠳᠠᠷ ᠪᠤᠯᠤᠭᠰᠠᠨ ᠪᠠᠶᠢᠯ᠎ᠠ᠃     ᠵᠢᠷᠠᠭᠠᠳ ᠨᠠᠰᠤᠳᠠᠢ ᠸᠠᠩ ᠷᠦᠢ ᠼᠠᠢ ᠪᠤᠯ ᠤᠤᠯ ᠳᠤ ᠪᠠᠨ ᠠᠮᠢᠳᠤᠷᠠᠯ ᠬᠦᠴᠢᠷᠲᠡᠯᠲᠡᠢ ᠡᠷᠦᠭᠡ ᠪᠠᠶᠢᠵᠤ᠂ ᠡᠭᠡᠨᠡᠷ ᠨᠢ ᠡᠪᠡᠳᠴᠢᠨ ᠲᠠᠢ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠪᠠᠷ ᠠᠮᠢᠳᠤᠷᠠᠯ ᠢᠶᠠᠨ  ᠠᠷᠭᠠᠴᠠᠵᠣ ᠪᠠᠶᠢᠵᠠᠢ᠃ ᠵᠠᠩ ᠬᠠᠢ ᠹᠧᠩ ᠡᠳᠡᠨᠡᠶᠢᠭᠢᠨ ᠤ ᠪᠠᠶᠢᠳᠠᠯ ᠢ ᠪᠤᠳᠤᠯᠬᠢᠯᠠᠨ ᠬᠦᠷᠢᠶᠡᠨ ᠳᠠᠬᠢ ᠨᠢᠭᠡ ᠮᠦ ᠭᠠᠵᠠᠷ ᠢ ᠠᠰᠢᠭᠯᠠᠨ ᠲᠦᠮᠦᠰᠤ ᠲᠡᠷᠢᠭᠤᠯᠵᠤ᠂ ᠪᠠᠰᠠ ᠬᠤᠶᠠᠷ ᠭᠠᠭ᠋ᠠᠢ ᠲᠡᠵᠢᠭᠡᠯᠭᠡᠪᠡ᠃ ᠡᠨᠡ ᠬᠤᠶᠠᠷ ᠲᠦᠯᠦᠪᠯᠡᠭᠡ ᠶᠢ 2019 ᠤᠨ ᠤ ᠬᠠᠪᠤᠷ ᠠᠴᠠ ᠡᠬᠢᠯᠡᠨ ᠭᠡᠷᠡᠭᠵᠢᠬᠦᠯᠵᠤ᠂ ᠵᠠᠩ ᠬᠠᠢ ᠹᠧᠩ ᠦᠪᠡᠷ ᠢᠶᠠᠨ ᠢᠷᠡᠵᠤ ᠲᠦᠮᠦᠰᠤ ᠶᠢ ᠨᠢ ᠲᠠᠷᠢᠵᠤ᠂ 1700 ᠲᠦᠬᠦᠷᠢᠭ ᠭᠠᠷᠭᠠᠨ ᠬᠤᠶᠠᠷ ᠲᠤᠷᠤᠢ ᠠᠪᠴᠢᠷᠠᠵᠤ ᠦᠭᠪᠡ᠃ ᠦᠨᠡᠨ ᠰᠡᠳᠬᠢᠯ ᠤᠨ ᠬᠠᠪᠰᠤᠷᠤᠯᠭ᠎ᠠ ᠳᠡᠮᠵᠢᠯᠭᠡ ᠨᠢ ᠸᠠᠩ ᠷᠦᠢ ᠼᠠᠢ ᠶᠢᠨ ᠦᠪᠡᠷ ᠤᠨ ᠬᠦᠴᠦ ᠪᠠᠷ ᠢᠶᠠᠨ ᠳᠡᠭᠵᠢᠷᠡᠬᠦ ᠵᠤᠷᠢᠭ ᠢ ᠬᠦᠪᠴᠢᠯᠡᠵᠠᠢ᠃ ︽ᠡᠨᠡ ᠵᠢᠯ ᠪᠢ ᠲᠦᠮᠦᠰᠤ ᠲᠡᠷᠢᠵᠤ᠂ ᠭᠠᠭ᠋ᠠᠢ ᠲᠡᠵᠢᠭᠡᠭᠡᠳ 2 ᠲᠦᠮᠡ ᠭᠠᠷᠦᠢ ᠲᠦᠬᠦᠷᠢᠭ ᠤᠨ ᠤᠷᠤᠯᠭ᠎ᠠ ᠲᠠᠢ ᠪᠤᠯᠵᠤ᠂ ᠠᠮᠢᠳᠤᠷᠠᠯ ᠴᠤ ᠡᠳᠦᠷ ᠠᠴᠠ ᠡᠳᠦᠷ ᠦᠭᠡᠲᠡᠯᠡᠵᠤ ᠪᠠᠶᠢᠨ᠎ᠠ︾ ᠭᠡᠵᠤ ᠸᠠᠩ ᠷᠦᠢ ᠼᠠᠢ ᠰᠡᠳᠬᠢᠯ ᠲᠤᠭᠳᠤᠯᠤᠨ ᠶᠠᠷᠢᠯ᠎ᠠ᠃     ᠮᠠᠯ ᠤᠨ ᠬᠢᠵᠢᠭ ᠡᠪᠡᠳᠴᠢᠨ ᠪᠤᠯ ᠮᠠᠯᠴᠢᠨ ᠲᠠᠷᠢᠶᠠᠴᠢᠨ ᠳᠤ ᠶᠡᠭᠡᠭᠡᠨ ᠬᠤᠬᠢᠷᠠᠯ ᠠᠪᠴᠢᠷᠠᠵᠤ ᠦᠭᠳᠡᠭ ᠨᠢᠭᠡᠨ ᠲᠦᠪᠡᠭᠲᠡᠢ ᠠᠰᠠᠭᠤᠳᠠᠯ ᠪᠤᠯᠤᠨ᠎ᠠ᠃ ᠵᠠᠩ ᠬᠠᠢ ᠹᠧᠩ ᠦᠪᠡᠷ ᠢᠶᠠᠨ ᠮᠠᠯ ᠡᠮᠨᠡᠯᠭᠡ ᠶᠢᠨ ᠮᠡᠷᠭᠡᠵᠢᠯ ᠰᠤᠷᠴᠤ᠂ ᠵᠢᠯ ᠪᠤᠯᠭᠠᠨ ᠦᠨ᠎ᠡ ᠲᠦᠯᠦᠪᠦᠷᠢ ᠦᠭᠡᠢ ᠪᠠᠷ ᠪᠤᠰᠤᠳ ᠤᠨ 200 ᠭᠠᠷᠦᠢ ᠮᠠᠯ ᠢ ᠡᠮᠨᠡᠨ ᠵᠠᠰᠠᠵᠤ ᠦᠭᠳᠡᠭ᠃ ᠲᠡᠷᠡ ᠦᠢᠷ᠎ᠠ ᠬᠠᠪᠢ ᠳᠤ ᠪᠠᠨ ᠠᠯᠳᠠᠷᠰᠢᠬᠰᠠᠨ ᠢᠶᠠᠷ ᠵᠠᠷᠢᠮ ᠬᠤᠯᠠ ᠭᠠᠵᠠᠷ ᠤᠨ ᠮᠠᠯᠴᠢᠳ ᠤᠳᠠᠰᠤ ᠪᠠᠷ ᠠᠰᠠᠭᠤᠨ ᠯᠠᠪᠯᠠᠬᠤ ᠳᠤ ᠲᠡᠷᠡ ᠴᠦᠮ ᠨᠢᠮᠪᠠᠢ ᠵᠢᠭᠠᠨ ᠵᠢᠯᠤᠭᠤᠳᠤᠳᠠᠭ᠃     ᠨᠡᠶᠢᠭᠡᠮ ᠲᠤᠭᠤᠷᠢᠭ ᠤᠨ ᠠᠮᠢᠳᠤᠷᠠᠯ ᠬᠦᠴᠢᠷᠲᠡᠯᠲᠡᠢ ᠡᠷᠦᠭᠡ ᠶᠢᠨ ᠤᠯᠠᠩᠬᠢ ᠨᠢ ᠬᠦᠳᠡᠯᠮᠦᠷᠢᠯᠡᠬᠦ ᠬᠦᠴᠦᠨ ᠲᠤᠳᠠᠮᠠᠭ ᠪᠠᠶᠢᠳᠠᠭ ᠪᠤᠳᠠᠳᠦ ᠪᠠᠶᠢᠳᠠᠯ ᠳᠤ ᠴᠢᠭᠯᠡᠬᠦᠯᠦᠨ᠂ ᠵᠠᠩ ᠬᠠᠢ ᠹᠧᠩ ᠠᠮᠢᠳᠤᠷᠠᠯ ᠬᠦᠴᠢᠷᠲᠡᠯᠲᠡᠢ ᠡᠷᠦᠭᠡ ᠶᠢᠨ ᠰᠠᠨᠠᠯ ᠢ ᠦᠨᠳᠤᠰᠤᠯᠠᠨ᠂ ᠠᠵᠤ ᠠᠬᠤᠢᠢᠯᠠᠯ ᠲᠠᠢ ᠠᠰᠢᠭ ᠲᠤᠰᠠ ᠶᠢᠨ ᠬᠤᠯᠪᠤᠯᠳᠤᠬᠤ ᠳᠤᠭᠳᠠᠴᠠ ᠶᠢ ᠪᠠᠶᠢᠭᠤᠯᠵᠤ᠂ ᠦᠭᠡᠷ ᠬᠤᠳᠠᠯᠳᠤᠨ ᠠᠪᠴᠤ ᠨᠠᠶᠢᠳᠠᠨ ᠬᠠᠮᠢᠶᠠᠷᠤᠭᠤᠯᠬᠤ ᠭᠡᠷ᠎ᠠ ᠲᠤᠭᠳᠠᠨ᠂ ᠠᠮᠢᠳᠤᠷᠠᠯ ᠬᠦᠴᠢᠷᠲᠡᠯᠲᠡᠢ ᠡᠷᠦᠭᠡ ᠳᠤ ᠠᠰᠢᠭ ᠬᠦᠷᠲᠡᠭᠡᠪᠡ᠃ ᠤᠯᠠᠨ ᠵᠢᠯ ᠤᠨ ᠲᠤᠷᠰᠢ᠂ ᠵᠠᠩ ᠬᠠᠢ ᠹᠧᠩ ᠨᠤᠳᠤᠭ ᠪᠠᠯᠴᠢᠭᠡᠷ ᠢᠶᠠᠨ ᠬᠠᠮᠠᠭᠠᠯᠠᠵᠤ᠂ ᠴᠦᠭᠡᠨ ᠮᠠᠯᠵᠢᠵᠤ ᠨᠠᠷᠢᠯᠢᠭ ᠠᠷᠠᠴᠢᠯᠠᠬᠤ ᠬᠦᠭᠵᠢᠯᠲᠡ ᠶᠢᠨ ᠦᠢᠯᠡᠭᠠᠭᠳᠠᠬᠤᠨ ᠢ ᠤᠬᠠᠭᠤᠯᠤᠨ ᠦᠢᠯᠡᠳᠦᠯᠭᠡᠵᠢᠬᠦᠯᠵᠤ ᠂ ᠤᠯᠠᠨ ᠤ ᠬᠦᠷᠢᠶᠡᠯᠡᠯ ᠢ ᠤᠯᠵᠤ᠂ ᠮᠠᠯ ᠤᠨ ᠤᠨᠳᠤᠷᠤᠯᠳᠠ ᠶᠢᠨ ᠨᠤᠷᠮ᠎ᠠ 2000 ᠤᠨ ᠤ 75% ᠠᠴᠠ 99% ᠪᠤᠯᠤᠨ ᠲᠡᠭᠡᠭᠰᠢᠯᠡᠵᠤ᠂ ᠬᠦᠮᠦᠨ ᠲᠤᠮᠳᠠᠴᠢ ᠶᠢᠨ ᠴᠡᠪᠡᠷ ᠤᠷᠤᠯᠭ᠎ᠠ 1.9 ᠲᠦᠮᠡᠨ ᠲᠦᠬᠦᠷᠢᠭ ᠢ ᠲᠠᠪᠠᠵᠤ᠂ ᠬᠠᠮᠳᠤ ᠶᠢᠨ ᠠᠵᠤ ᠠᠬᠤᠢ ᠶᠢᠨ ᠤᠷᠤᠯᠭ᠎ᠠ ᠤᠳᠤᠬᠠᠨ ᠳᠤ ᠨᠢᠭᠡᠨᠲᠡ ᠵᠠᠭᠤᠨ ᠲᠦᠮᠡᠨ ᠲᠦᠬᠦᠷᠢᠭ ᠢ ᠲᠠᠪᠠᠵᠠᠢ᠃     2018 ᠤᠨ ᠳᠤ ᠨᠢᠭᠡᠲᠦᠭᠡᠷ ᠱᠦᠵᠢ ᠶᠢᠨ ᠲᠤᠰᠢᠶᠠᠯ ᠢ ᠡᠬᠦᠷᠭᠡᠯᠡᠭᠰᠡᠨ ᠠᠴᠠ ᠨᠠᠭᠠᠰᠢ᠂ ᠵᠠᠩ ᠬᠠᠢ ᠹᠧᠩ ᠡᠳᠦᠷ ᠪᠤᠯᠭᠠᠨ ᠠᠵᠢᠯ ᠤᠨ ᠲᠡᠮᠳᠡᠭᠯᠡᠯ ᠪᠢᠴᠢᠵᠤ᠂ ᠤᠳᠤ ᠪᠤᠯᠬᠤ ᠳᠤ ᠨᠢᠭᠡᠨᠲᠡ 20 ᠭᠠᠷᠦᠢ ᠲᠡᠪᠳᠠᠷ ᠪᠤᠯᠵᠤ᠂ ᠡᠨᠡ ᠲᠡᠮᠳᠡᠭᠯᠡᠯ ᠳᠤ ᠨᠢ ᠨᠤᠳᠤᠭ ᠤᠷᠤᠨ ᠢᠶᠠᠨ ᠬᠠᠶᠢᠷᠠᠯᠠᠬᠤ᠂ ᠨᠤᠳᠤᠭ ᠤᠨ ᠠᠬ᠎ᠠ ᠲᠡᠬᠦᠤ ᠨᠠᠷ ᠢᠶᠠᠨ ᠬᠦᠨᠳᠤᠯᠡᠬᠦ ᠰᠡᠳᠬᠢᠯᠭᠡ ᠰᠢᠩᠭᠡᠵᠤ᠂ ᠮᠦᠨ ᠴᠤ ᠨᠢᠭᠡᠨ ᠦᠨᠳᠤᠰᠤᠨ ᠱᠠᠳᠤᠨ ᠪ᠊ ︽ᠲᠦᠷᠦᠬᠦᠴᠢ ᠬᠤᠨ︾ ᠪ᠊ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠲᠠᠮᠠᠴᠡᠯ ᠤᠨ ᠵᠠᠮ ᠮᠦᠷ ᠢ ᠵᠢᠷᠤᠭᠯᠠᠬᠰᠠᠨ ᠪᠠᠶᠢᠪᠠ᠃ ᠵᠠᠩ ᠬᠠᠢ ᠹᠧᠩ᠄ ︽ᠪᠢ ᠴᠠᠭ ᠦᠶ᠎ᠠ ᠶᠢ ᠬᠦᠰᠡᠷᠲᠡᠬᠦᠯᠬᠦ ᠦᠭᠡᠢ᠂ ᠪᠤᠳᠠᠳᠤ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠢᠳᠡᠭᠡᠯ ᠢ ᠤᠯᠵᠤ᠂ ᠤᠯᠠᠨ ᠳᠦᠮᠡᠨ ᠳᠤ ᠨᠡᠩ ᠰᠠᠶᠢᠨ ᠰᠠᠶᠢᠬᠠᠨ ᠠᠮᠢᠳᠤᠷᠠᠯ ᠡᠳ᠋ᠯᠡᠬᠦᠯᠦᠨ᠎ᠡ︾ ᠭᠡᠵᠦ ᠶᠠᠷᠢᠵᠦ ᠪᠠᠶᠢᠯ᠎ᠠ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号