ᠤᠨᠴᠠᠯᠢᠭᠳᠤ ᠠᠵᠤ ᠦᠢᠯᠡᠰ ᠤᠨ ᠳᠠᠪᠠᠭᠤᠯᠢᠭ ᠢᠶᠠᠨ ᠪᠠᠳᠠᠷᠠᠭᠤᠯᠵᠤ ᠤᠷᠤᠨ ᠨᠤᠳᠤᠭ ᠤᠨ ᠬᠦᠭᠵᠢᠯᠳᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2021/8/23
    ᠮᠠᠨ ᠤ ᠠᠶᠢᠮᠠᠭ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠬᠦᠬᠦ᠂ ᠨᠠᠷᠢᠯᠢᠭ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠦᠨᠳᠦᠰᠦᠨ ᠠᠷᠭ᠎ᠠ ᠪᠤᠳᠤᠯᠭ᠎ᠠ ᠶᠢ ᠪᠠᠷᠢᠮᠳᠠᠯᠠᠵᠤ᠂ ᠲᠤᠯᠤᠭᠠᠢᠢᠯᠠᠭᠴᠢ ᠠᠵᠤ ᠠᠬᠤᠢᠢᠯᠠᠯ ᠢ ᠮᠠᠯᠴᠢᠨ ᠲᠠᠷᠢᠶᠠᠴᠢᠨ ᠤ ᠠᠰᠢᠭ ᠲᠤᠰᠠ ᠯᠤᠭ᠎ᠠ ᠬᠤᠯᠪᠤᠬᠤ ᠲᠤᠭᠳᠠᠴᠠ ᠵᠡᠷᠬᠡ ᠤᠯᠠᠨ ᠵᠦᠢᠯ ᠤᠨ ᠠᠷᠭ᠎ᠠ ᠬᠡᠯᠪᠡᠷᠢ ᠶᠢ ᠢᠳᠡᠪᠬᠢᠳᠠᠢ ᠰᠦᠪᠡᠭᠴᠢᠯᠡᠵᠦ᠂ ᠤᠨᠴᠠᠯᠢᠭᠳᠤ ᠠᠵᠤ ᠦᠢᠯᠡᠰ ᠢ ᠬᠦᠭᠵᠢᠬᠦᠯᠦᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠤᠭᠰᠠᠨ ᠶᠤᠮ᠃     ᠤᠨᠴᠠᠯᠢᠭᠳᠤ ᠠᠵᠤ ᠦᠢᠯᠡᠰ ᠪᠤᠯ ᠭᠠᠵᠠᠷ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢ ᠲᠠᠶᠢᠴᠢᠯᠠᠬᠤ ᠴᠢᠬᠤᠯᠠ ᠬᠦᠴᠦᠨ ᠪᠤᠯᠤᠨ᠎ᠠ᠃ ᠨᠡᠩ ᠢᠯᠠᠩᠭᠤᠶ᠎ᠠ ᠬᠢᠯᠢ ᠲᠠᠭᠠᠤ ᠭᠠᠵᠠᠷ ᠤᠷᠤᠨ ᠤ ᠲᠠᠪᠠᠭᠤᠯᠢᠭ ᠢ ᠪᠠᠳᠠᠷᠠᠭᠤᠯᠤᠨ ᠤᠨᠴᠠᠯᠢᠭᠳᠤ ᠠᠵᠤ ᠦᠢᠯᠡᠰ ᠢ ᠬᠦᠭᠵᠢᠬᠦᠯᠬᠦ ᠨᠢ ᠬᠢᠯᠢ ᠲᠠᠭᠠᠤ ᠤᠷᠤᠨ ᠤ ᠠᠷᠠᠳ ᠤᠨ ᠠᠮᠢᠳᠤᠷᠠᠯ ᠤᠨ ᠲᠡᠭᠡᠭᠰᠢᠯᠡᠯᠳᠡ᠂ ᠤᠷᠤᠯᠭ᠎ᠠ ᠶᠢᠨ ᠨᠡᠮᠡᠭᠳᠡᠯ ᠢ ᠠᠬᠢᠭᠤᠯᠬᠤ ᠳᠤ ᠴᠢᠬᠤᠯᠠ ᠠᠬᠢᠭᠤᠯᠬᠤ ᠦᠢᠯᠡᠳᠦᠯ ᠲᠠᠢ ᠶᠤᠮ᠃ ᠡᠳᠡᠭᠡᠷ ᠵᠢᠯ ᠤᠳ ᠲᠤ᠂ ᠮᠠᠨ ᠤ ᠠᠶᠢᠮᠠᠭ ︽ᠬᠤᠷᠰᠢᠶᠠᠵᠢᠯ + ᠮᠠᠯᠴᠢᠨ ᠲᠠᠷᠢᠶᠠᠴᠢᠨ ᠡᠷᠦᠬᠡ︾ ᠶᠢᠨ ᠵᠠᠭᠪᠤᠷ ᠢ ᠬᠡᠷᠡᠭᠯᠡᠵᠦ᠂ ᠮᠠᠯᠴᠢᠨ ᠲᠠᠷᠢᠶᠠᠴᠢᠳ ᠤᠨ ᠠᠵᠤ ᠠᠬᠤᠢ ᠶᠢᠨ ᠬᠤᠷᠰᠢᠭᠰᠠᠨ ᠵᠤᠬᠢᠶᠠᠨ ᠪᠠᠶᠢᠭᠤᠯᠤᠯᠳᠠ ᠶᠢᠨ ᠲᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠬᠠᠮᠳᠤ ᠶᠢᠨ ᠠᠵᠤ ᠠᠬᠤᠢ ᠶᠢ ᠬᠦᠭᠵᠢᠬᠦᠯᠦᠨ ᠪᠤᠵᠠᠭᠠᠢᠢᠷᠠᠭᠤᠯᠵᠤ᠂ ᠤᠯᠡᠨ ᠲᠦᠮᠡᠨ ᠤ ᠤᠷᠤᠯᠭ᠎ᠠ ᠶᠢ ᠨᠡᠮᠡᠭᠳᠡᠬᠦᠯᠬᠦ ᠠᠷᠭ᠎ᠠ ᠵᠠᠮ ᠢ ᠦᠷᠬᠡᠳᠬᠡᠨ᠂ ᠮᠠᠯᠴᠢᠨ ᠲᠠᠷᠢᠶᠠᠴᠢᠨ ᠤ ᠤᠷᠤᠯᠭ᠎ᠠ ᠶᠢ ᠲᠠᠰᠤᠷᠠᠯᠳᠠ ᠦᠬᠡᠢ ᠨᠡᠮᠡᠭᠳᠡᠬᠦᠯᠦᠭᠰᠡᠨ ᠶᠤᠮ᠃     ᠭᠠᠨᠭ᠍ᠵᠤᠷᠢᠭ ᠤᠨ ᠬᠢᠨ ᠪᠤᠯ ᠰᠦᠨᠢᠳ ᠵᠡᠬᠦᠨ ᠬᠤᠰᠢᠭᠤᠨ ᠤ ᠳᠠᠯᠠᠢ ᠰᠣᠮᠣᠨ ᠤ ᠬᠦᠭᠵᠢᠯᠳᠦ ᠭᠠᠴᠠᠭᠠᠨ ᠤ ᠨᠠᠮ ᠤᠨ ᠬᠡᠰᠢᠬᠦᠨ ᠭᠤᠤᠯᠯᠠᠬᠤ ᠡᠷᠦᠬᠡ ᠪᠦᠬᠡᠳ ᠲᠡᠷᠡ ᠦᠪᠡᠷ ᠢᠶᠠᠨ ᠴᠦ ᠰᠦᠨᠢᠳ ᠵᠡᠬᠦᠨ ᠬᠤᠰᠢᠭᠤᠨ ᠤ ᠦᠢᠯᠡᠰ ᠪᠤᠰᠬᠠᠵᠤ ᠪᠠᠶᠠᠵᠢᠨ ᠴᠢᠨᠡᠭᠡᠯᠢᠭᠵᠢᠭᠰᠡᠨ ᠬᠤᠰᠢᠭᠤᠴᠢ ᠪᠤᠯᠬᠤ ᠶᠤᠮ᠃ 2013 ᠤᠨ ᠳᠤ᠂ ᠭᠠᠨᠭ᠍ᠵᠤᠷᠢᠭ ᠭᠠᠴᠠᠭᠠᠨ ᠤ ᠪᠠᠨ 12 ᠮᠠᠯᠴᠢᠨ ᠡᠷᠦᠬᠡ ᠶᠢ ᠲᠠᠭᠠᠭᠤᠯᠤᠨ᠂ ᠬᠢᠯᠢ ᠪᠠᠨ ᠬᠦᠭᠵᠢᠬᠦᠯᠵᠦ ᠠᠷᠠᠳ ᠢᠶᠠᠨ ᠪᠠᠶᠠᠵᠢᠭᠤᠯᠬᠤ ᠠᠵᠢᠯᠯᠠᠭ᠎ᠠ ᠶᠢᠨ ᠠᠵᠤ ᠦᠢᠯᠡᠰ ᠢᠶᠠᠷ ᠬᠢᠯᠢ ᠪᠠᠨ ᠬᠦᠭᠵᠢᠬᠦᠯᠬᠦ ᠢᠨᠵᠧᠨᠧᠷᠢᠩ ᠤᠨ ᠪᠡᠯᠡ ᠮᠦᠡᠭᠬᠦ ᠶᠢ ᠠᠰᠢᠭᠯᠠᠨ ︽ᠰᠢᠮᠡᠳᠦ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ︾ ᠶᠢ ᠡᠬᠦᠳᠦᠨ ᠪᠠᠶᠢᠭᠤᠯᠵᠤ᠂ ︽ ᠢᠨᠲ᠋ᠧᠷ ᠰᠦᠯᠵᠢᠶ᠎ᠡ + ᠤᠶᠤᠨᠯᠢᠭ ᠮᠠᠯᠵᠢᠯ ᠤᠨ ᠲᠠᠯᠠᠪᠠᠢ︾ ᠶᠢᠨ ᠵᠠᠭᠪᠤᠷ ᠢ ᠶᠡᠭᠡ ᠪᠠᠷ ᠬᠦᠭᠵᠢᠬᠦᠯᠵᠦ᠂ ᠬᠤᠨᠢᠨ ᠮᠢᠬ᠎ᠠ ᠶᠢ ᠨᠡᠬᠡᠮᠵᠢᠯᠡᠨ ᠮᠦᠷᠳᠡᠬᠦ ᠰᠢᠰᠲ᠋ᠧᠮ ᠢ ᠬᠡᠷᠡᠭᠵᠢᠬᠦᠯᠦᠨ᠂ ᠲᠠᠭᠠᠭᠤᠯᠢ ᠤᠳᠤᠨ ᠤ  ᠰᠢᠰᠲ᠋ᠧᠮ ᠢᠶᠠᠷ ᠬᠠᠰᠢᠶ᠎ᠠ ᠰᠠᠷᠠᠪᠴᠢ ᠶᠢᠨ ᠲᠤᠯᠠᠭᠠᠨ ᠤ ᠬᠡᠮᠵᠢᠶ᠎ᠡ᠂ ᠴᠢᠬᠢᠭ ᠤᠨ ᠬᠡᠮᠵᠢᠶ᠎ᠡ ᠵᠡᠷᠬᠡ ᠬᠦᠢᠴᠡᠳᠬᠡᠯ ᠲᠤᠭ᠎ᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠬᠦᠯᠵᠦ᠂ ᠪᠡᠯᠴᠢᠬᠡᠷ ᠤᠨ ᠤᠷᠴᠢᠨ ᠲᠤᠭᠤᠷᠢᠨ ᠢ ᠬᠢᠨᠡᠨ ᠡᠵᠡᠮᠳᠡᠵᠦ᠂ ᠬᠡᠷᠡᠯᠳᠦᠬᠦᠯᠬᠡ ᠶᠢᠨ ᠰᠢᠰᠲ᠋ᠧᠮ᠂ ᠤᠤᠭᠤᠬᠤ ᠤᠰᠤᠨ ᠤ ᠲᠦᠬᠦᠬᠡᠷᠦᠮᠵᠢ ᠵᠡᠷᠬᠡ ᠶᠢ ᠠᠦ᠋ᠲ᠋ᠤᠴᠢᠯᠠᠨ ᠡᠵᠡᠮᠳᠡᠵᠦ᠂ ᠤᠶᠤᠨᠴᠢᠯᠠᠭᠰᠠᠨ ᠮᠠᠯ ᠠᠵᠤ ᠠᠬᠤᠢ ᠶᠢᠨ ᠬᠠᠮᠢᠶᠠᠷᠤᠯᠳᠠ ᠶᠢᠨ ᠵᠠᠭᠪᠤᠷ ᠢ ᠤᠷᠢᠳᠴᠢᠯᠠᠨ ᠬᠡᠷᠡᠭᠵᠢᠬᠦᠯᠦᠭᠰᠡᠨ ᠶᠤᠮ᠃     ᠤᠨᠴᠠᠯᠢᠭᠳᠤ ᠭᠠᠴᠠᠭ᠎ᠠ ᠲᠤᠰᠬᠤᠨ ᠤ ᠪᠦᠳᠦᠬᠡᠨ ᠪᠠᠶᠢᠭᠤᠯᠤᠯᠳᠠ ᠶᠢ ᠴᠢᠩᠭᠠᠳᠬᠠᠬᠤ ᠪᠤᠯ ᠦᠨᠳᠦᠰᠦᠳᠡᠨ ᠤ ᠰᠢᠯᠢᠳᠡᠭ ᠤᠯᠠᠮᠵᠢᠯᠠᠯᠳᠤ ᠰᠤᠶᠤᠯ ᠢ ᠬᠠᠮᠠᠭᠠᠯᠠᠨ ᠤᠯᠠᠮᠵᠢᠯᠠᠵᠤ᠂ ᠦᠨᠳᠦᠰᠦᠳᠡᠨ ᠤ ᠰᠤᠶᠤᠯ ᠬᠢᠬᠡᠳ ᠵᠢᠭᠤᠯᠴᠢᠯᠠᠯ ᠤᠨ ᠬᠦᠭᠵᠢᠯᠳᠡ ᠶᠢᠨ ᠬᠦᠨᠵᠡᠬᠡᠢ ᠠᠭᠤᠰᠤᠯᠴᠠᠭᠤᠯᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠤᠨ ᠭᠠᠷᠳᠠᠴᠠ ᠪᠤᠯᠤᠨ᠎ᠠ᠃ ᠤᠯᠠᠨ ᠵᠢᠯ ᠤᠨ ᠲᠤᠷᠰᠢ᠂ ᠮᠠᠨ ᠤ ᠠᠶᠢᠮᠠᠭ ᠤᠨᠴᠠᠯᠢᠭᠳᠤ ᠭᠠᠴᠠᠭ᠎ᠠ ᠲᠤᠰᠬᠤᠨ ᠢ ᠬᠠᠮᠠᠭᠠᠯᠠᠨ ᠬᠦᠭᠵᠢᠬᠦᠯᠬᠦ ᠠᠵᠢᠯ ᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠲᠠᠢ ᠠᠭᠤᠰᠤᠯᠴᠠᠭᠤᠯᠤᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠲᠠᠢ ᠵᠤᠯᠭᠠᠭᠤᠯᠤᠨ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠲᠠᠢ ᠤᠶᠠᠯᠳᠤᠭᠤᠯᠵᠤ᠂ ᠶᠠᠳᠠᠭᠤ ᠬᠦᠴᠢᠷᠳᠡᠯᠳᠠᠢ ᠬᠦᠮᠦᠨ ᠠᠮᠠ ᠶᠢ ᠲᠠᠶᠢᠴᠢᠯᠠᠨ ᠶᠠᠳᠠᠭᠤ ᠠᠴᠠ ᠠᠩᠬᠢᠵᠢᠷᠠᠭᠤᠯᠤᠨ ᠤᠷᠤᠯᠭ᠎ᠠ ᠶᠢ ᠨᠢ ᠨᠡᠮᠡᠭᠳᠡᠬᠦᠯᠦᠭᠰᠡᠨ ᠶᠤᠮ᠃     2001 ᠤᠨ ᠳᠤ ᠠᠪᠠᠭ᠎ᠠ ᠬᠤᠰᠢᠭᠤ ᠪᠦᠬᠦ ᠤᠯᠤᠰ ᠤᠨ ᠬᠢᠯᠢ ᠪᠠᠨ ᠬᠦᠭᠵᠢᠬᠦᠯᠵᠦ ᠠᠷᠠᠳ ᠢᠶᠠᠨ ᠪᠠᠶᠠᠵᠢᠭᠤᠯᠬᠤ ᠠᠵᠢᠯᠯᠠᠭᠠᠨ ᠤ ᠲᠤᠷᠰᠢᠯᠳᠠ ᠶᠢᠨ ᠬᠤᠰᠢᠭᠤ ᠪᠤᠯᠪᠠ᠃ 2017 ᠤᠨ ᠳᠤ᠂ ᠬᠤᠨᠭ᠍ᠭᠤᠷᠭᠤᠤᠯ ᠪᠠᠯᠭᠠᠰᠤᠨ ᠤ ᠰᠠᠷᠠᠭᠤᠯᠳᠤᠶᠠᠭ᠎ᠠ ᠭᠠᠴᠠᠭ᠎ᠠ ᠶᠢ ᠤᠯᠤᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠠᠴᠠ ︽ᠲᠤᠮᠳᠠᠳᠤ ᠤᠯᠤᠰ ᠤᠨ ᠴᠦᠬᠡᠨ ᠲᠤᠭᠠᠳᠤ ᠦᠨᠳᠦᠰᠦᠳᠡᠨ ᠤ ᠤᠨᠴᠠᠯᠢᠭᠳᠤ ᠲᠤᠰᠬᠤᠨ︾ ᠬᠡᠵᠦ ᠨᠡᠷᠡᠶᠢᠳᠦᠭᠰᠡᠨ ᠪᠠᠶᠢᠨ᠎ᠠ᠃ ᠰᠠᠷᠠᠭᠤᠯᠳᠤᠶᠠᠭ᠎ᠠ ᠭᠠᠴᠠᠭ᠎ᠠ ᠨᠢ ᠴᠦᠬᠡᠨ ᠲᠤᠭᠠᠳᠤ ᠦᠨᠳᠦᠰᠦᠳᠡᠨ ᠤ ᠤᠨᠴᠠᠯᠢᠭᠳᠤ ᠠᠶᠢᠯ ᠲᠤᠰᠬᠤᠨ ᠤ ᠪᠦᠳᠦᠬᠡᠨ ᠪᠠᠶᠢᠭᠤᠯᠤᠯᠳᠠ ᠶᠢ ᠪᠦᠬᠦ ᠤᠷᠤᠨ ᠪᠦᠰᠠ ᠶᠢᠨ ᠵᠢᠭᠤᠯᠴᠢᠯᠠᠯ ᠤᠨ ᠬᠦᠭᠵᠢᠯᠳᠡ ᠲᠠᠢ ᠤᠶᠠᠯᠳᠤᠭᠤᠯᠤᠨ᠂ ᠰᠤᠶᠤᠯ ᠵᠢᠭᠤᠯᠴᠢᠯᠠᠯ ᠤᠨ ᠦᠢᠯᠡᠰ ᠵᠡᠷᠬᠡ ᠤᠨᠴᠠᠯᠢᠭᠳᠤ ᠠᠵᠤ ᠦᠢᠯᠡᠰ ᠢ ᠢᠳᠡᠪᠬᠢᠳᠠᠢ ᠬᠦᠭᠵᠢᠬᠦᠯᠵᠦ᠂ ᠦᠵᠡᠮᠵᠢᠳᠦ ᠤᠷᠤᠨ ᠤ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠂ ︽ᠮᠤᠷᠢ ᠤᠨᠤᠬᠤ᠂ ᠴᠡᠭᠡ ᠠᠮᠰᠠᠬᠤ᠂ ᠴᠤᠭᠤᠷ ᠳᠠᠭᠤᠤ ᠰᠤᠨᠤᠰᠬᠤ᠂ ᠤᠪᠤᠭ᠎ᠠ ᠲᠠᠬᠢᠬᠤ᠂ ᠵᠠᠩ ᠦᠢᠯᠡ ᠲᠠᠢ ᠲᠠᠨᠢᠯᠴᠠᠬᠤ︾ ᠵᠡᠷᠬᠡ ᠠᠵᠢᠯᠯᠠᠭ᠎ᠠ ᠶᠢᠨ ᠠᠭᠤᠯᠭ᠎ᠠ ᠶᠢ ᠤᠯᠠᠮ ᠴᠢᠨᠠᠭᠰᠢᠳᠠ ᠨᠢ ᠪᠠᠶᠠᠯᠢᠭᠵᠢᠭᠤᠯᠵᠤ᠂ ᠰᠤᠶᠤᠯ ᠵᠢᠭᠤᠯᠴᠢᠯᠠᠯ ᠤᠨ ᠦᠢᠯᠡᠰ ᠢ ᠠᠷᠠᠳ ᠢᠶᠠᠨ ᠪᠠᠶᠠᠵᠢᠭᠤᠯᠬᠤ ᠠᠵᠤ ᠦᠢᠯᠡᠰ ᠪᠤᠯᠭᠠᠵᠠᠢ᠃ ᠤᠳᠤᠬᠠᠨ ᠳᠤ᠂ ᠲᠤᠰ ᠭᠠᠴᠠᠭᠠᠨ ᠤ ︽ᠮᠠᠯᠴᠢᠨ ᠠᠶᠢᠯ︾ ᠵᠤᠭᠠᠴᠠᠯ ᠤᠨ ᠴᠡᠭ ᠡᠷᠬᠢᠯᠡᠵᠦ ᠪᠠᠶᠢᠬᠤ ᠮᠠᠯᠴᠢᠨ ᠡᠷᠦᠬᠡ 20 ᠰᠢᠬᠠᠮ ᠪᠠᠶᠢᠵᠤ᠂ ᠡᠷᠦᠬᠡ ᠪᠦᠷᠢ ᠶᠢᠨ ᠵᠢᠯ ᠲᠤᠮᠳᠠᠴᠢ ᠶᠢᠨ ᠴᠡᠪᠡᠷ ᠤᠷᠤᠯᠭ᠎ᠠ ᠨᠢ ᠴᠦ 20 ᠲᠦᠮᠡᠨ ᠲᠦᠬᠦᠷᠢᠭ ᠲᠤ ᠬᠦᠷᠦᠭᠰᠡᠨ ᠪᠠᠶᠢᠨ᠎ᠠ᠃ ᠤᠳᠤ ᠪᠤᠯᠬᠤ ᠳᠤ ᠰᠠᠷᠠᠭᠤᠯᠲᠤᠶᠠᠭ᠎ᠠ ᠭᠠᠴᠠᠭ᠎ᠠ ᠳᠤ ᠭᠤᠤᠯ ᠭᠤᠷᠤᠬ᠎ᠠ ᠰᠤᠯᠪᠢᠴᠠᠯᠳᠤᠨ᠂ ᠨᠠᠭᠤᠷ ᠲᠤᠭᠤᠷᠢᠮ ᠨᠠᠮᠤᠭ ᠭᠠᠵᠠᠷ ᠤᠳᠤᠨ ᠮᠡᠴᠢᠳ ᠮᠡᠳᠦ ᠲᠦᠬᠡᠵᠦ᠂ ᠬᠡᠬᠡᠷ᠎ᠡ ᠶᠢᠨ ᠠᠮᠢᠳᠠᠨ ᠤᠷᠭᠤᠮᠠᠯ ᠤᠨ ᠡᠬᠢ ᠪᠠᠶᠠᠯᠢᠭ ᠡᠯᠪᠡᠭ ᠪᠠᠶᠢᠵᠤ᠂ ᠡᠯᠡᠰᠦᠷᠬᠡᠭ ᠭᠠᠵᠠᠷ᠂ ᠪᠤᠳᠠ ᠰᠦᠬᠡᠭ᠂ ᠭᠤᠤᠯ ᠤᠨ ᠰᠠᠶᠢᠷᠭᠠᠯ᠂ ᠨᠠᠭᠤᠷ ᠤᠨ ᠤᠰᠤ ᠨᠢ ᠡᠯᠡᠰᠦᠷᠬᠡᠭ ᠲᠠᠯ᠎ᠠ ᠶᠢᠨ ᠦᠪᠡᠷᠮᠢᠴᠡ ᠠᠮᠢ ᠠᠬᠤᠢ ᠶᠢᠨ ᠤᠷᠴᠢᠨ ᠨᠦᠬᠦᠴᠡᠯ ᠢ ᠪᠦᠷᠢᠯᠳᠦᠬᠦᠯᠵᠠᠢ᠃     ᠰᠦᠨᠢᠳ ᠪᠠᠷᠠᠭᠤᠨ ᠬᠤᠰᠢᠭᠤᠨ ᠤ ᠰᠠᠶᠢᠬᠬᠠᠦ᠋ᠯᠵᠠᠢ ᠰᠤᠮᠤᠨ ᠤ ᠨᠤᠭᠤᠭᠠᠨᠳᠠᠯ᠎ᠠ ᠭᠠᠴᠠᠭ᠎ᠠ ᠨᠢ 2019 ᠤᠨ ᠳᠤ ︽ᠲᠤᠮᠳᠠᠳᠤ ᠤᠯᠤᠰ ᠤᠨ ᠴᠦᠬᠡᠨ ᠲᠤᠭᠠᠳᠤ ᠦᠨᠳᠦᠰᠦᠳᠡᠨ ᠤ ᠤᠨᠴᠠᠯᠢᠭᠳᠤ ᠭᠠᠴᠠᠭ᠎ᠠ ᠲᠤᠰᠬᠤᠨ︾ ᠢᠶᠠᠷ ᠨᠡᠷᠡᠶᠢᠳᠦᠭᠳᠡᠭᠰᠡᠨ ᠶᠤᠮ᠃ ᠲᠤᠰ ᠭᠠᠴᠠᠭ᠎ᠠ ᠨᠢ ᠭᠠᠵᠠᠷ ᠲᠤᠤᠷᠠᠬᠢ ᠤᠰᠤᠨ ᠤ ᠡᠬᠢ ᠪᠠᠶᠠᠯᠢᠭ ᠨᠡᠯᠢᠶᠡᠳ ᠤᠯᠠᠨ ᠪᠠᠶᠢᠵᠤ᠂ ᠡᠯᠡᠰᠦ ᠲᠠᠯ᠎ᠠ ᠭᠠᠵᠠᠷ ᠬᠤᠤᠰᠯᠠᠨ᠂ ᠪᠠᠷᠠᠭᠤᠨ ᠪᠡᠶ᠎ᠡ ᠪᠠᠷ ᠢᠶᠠᠨ ᠲᠠᠯ᠎ᠠ ᠭᠠᠵᠠᠷ ᠪᠠᠶᠢᠵᠤ᠂ ᠰᠦᠨᠢᠳ ᠬᠤᠨᠢ ᠮᠠᠯᠵᠢᠨ᠂ ᠵᠡᠬᠦᠨ ᠪᠡᠶ᠎ᠡ ᠪᠠᠷ ᠢᠶᠠᠨ ᠡᠯᠡᠰᠤ ᠭᠤᠤᠯᠳᠠᠢ ᠪᠠᠶᠢᠵᠤ᠂ ᠰᠢᠮᠧᠨ᠋ᠲ᠋ᠠᠷ ᠦᠬᠡᠷ᠂ ᠨᠤᠳᠤᠭ ᠤᠨ ᠦᠬᠡᠷ ᠭᠤᠤᠯᠳᠠᠭᠤᠯᠤᠨ᠂ ᠲᠠᠪᠤᠨ ᠬᠤᠰᠢᠭᠤ ᠮᠠᠯ ᠢᠶᠠᠨ ᠦᠪ ᠲᠡᠭᠰᠢᠬᠡᠨ ᠤᠨᠳᠤᠷᠤᠭᠤᠯᠳᠠᠭ᠃ ᠬᠡᠬᠡᠷ᠎ᠡ ᠶᠢᠨ ᠠᠮᠢᠳᠠᠨ ᠤᠷᠭᠤᠮᠠᠯ ᠤᠨ ᠡᠬᠢ ᠪᠠᠶᠠᠯᠢᠭ ᠡᠯᠪᠡᠭ ᠪᠠᠶᠢᠵᠤ᠂ ᠭᠤᠤᠯ  ᠂ ᠨᠠᠭᠤᠷ ᠴᠦᠬᠦᠷᠦᠮ᠂ ᠪᠤᠳᠠ ᠰᠦᠬᠡᠭ ᠤᠯᠠᠨ ᠪᠠᠶᠢᠵᠤ᠂ ᠡᠯᠡᠰᠦᠷᠬᠡᠭ ᠲᠠᠯ᠎ᠠ ᠶᠢᠨ ᠦᠪᠡᠷᠮᠢᠴᠡ ᠠᠮᠢ ᠠᠬᠤᠢ ᠶᠢᠨ ᠤᠷᠴᠢᠨ ᠨᠦᠬᠦᠴᠡᠯ ᠢ ᠪᠦᠷᠢᠯᠳᠦᠬᠦᠯᠵᠦ᠂ ᠮᠠᠰᠢ ᠰᠠᠶᠢᠨ ᠭᠠᠵᠠᠷ ᠵᠦᠢ ᠶᠢᠨ ᠲᠠᠪᠠᠭᠤᠯᠢᠭ ᠲᠠᠢ ᠪᠠᠶᠢᠳᠠᠭ᠃ ᠡᠶᠢᠨ ᠬᠦ ᠨᠤᠭᠤᠭᠠᠨᠳᠠᠯ᠎ᠠ ᠭᠠᠴᠠᠭ᠎ᠠ ᠨᠢ ᠴᠦᠬᠡᠨ ᠲᠤᠭᠠᠳᠤ ᠦᠨᠳᠦᠰᠦᠳᠡᠨ ᠤ ᠤᠨᠴᠠᠯᠢᠭᠳᠤ ᠭᠠᠴᠠᠭ᠎ᠠ ᠲᠤᠰᠬᠤᠨ ᠤ ᠪᠦᠳᠦᠬᠡᠨ ᠪᠠᠶᠢᠭᠤᠯᠤᠯᠳᠠ ᠶᠢ ᠵᠢᠭᠤᠯᠴᠢᠯᠠᠯ ᠤᠨ ᠬᠦᠭᠵᠢᠯᠳᠡ ᠲᠠᠢ ᠤᠶᠠᠯᠳᠤᠭᠤᠯᠤᠨ᠂ ᠰᠤᠶᠤᠯ ᠵᠢᠭᠤᠯᠴᠢᠯᠠᠯ ᠤᠨ ᠦᠢᠯᠡᠰ ᠵᠡᠷᠬᠡ ᠤᠨᠴᠠᠯᠢᠭᠳᠤ ᠠᠵᠤ ᠦᠢᠯᠡᠰ ᠢ ᠢᠳᠡᠪᠬᠢᠳᠠᠢ ᠬᠦᠭᠵᠢᠬᠦᠯᠵᠦ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ᠪᠠᠷ ᠬᠦᠴᠦᠯᠡᠨ ᠴᠢᠷᠮᠠᠶᠢᠵᠤ ᠪᠠᠶᠢᠬᠤ ᠶᠤᠮ᠃     ᠡᠷᠳᠡᠨᠢᠪᠠᠭᠠᠳᠤᠷ ᠪᠤᠯ ᠲᠤᠰ ᠭᠠᠴᠠᠭᠠᠨ ᠤ ᠮᠠᠯᠴᠢᠨ ᠪᠠᠶᠢᠵᠤ᠂ ᠲᠡᠳᠡᠨ ᠤ ᠬᠢ ᠭᠠᠴᠠᠭᠠᠨ ᠤ ᠪᠠᠨ ᠤᠷᠢᠳᠤ ᠶᠢᠨ ᠨᠠᠭᠤᠷ ᠤᠨ ᠬᠠᠪᠢ ᠪᠠᠷ ᠪᠠᠶᠢᠷᠢᠯᠠᠵᠤ᠂ ᠭᠤᠤᠯ ᠤᠰᠤ᠂ ᠡᠯᠡᠰᠦ ᠮᠠᠩᠬ᠎ᠠ ᠲᠠᠢ ᠪᠠᠶᠢᠳᠠᠭ ᠠᠴᠠ ᠵᠤᠭᠠᠴᠠᠯ ᠡᠷᠬᠢᠯᠡᠬᠦ ᠳᠤ ᠲᠤᠩ ᠲᠤᠬᠢᠷᠠᠮᠵᠢᠳᠠᠢ ᠪᠠᠶᠢᠳᠠᠭ᠃ ᠡᠶᠢᠨ ᠬᠦ 2009 ᠤᠨ ᠳᠤ ᠲᠡᠳᠡᠨ ᠤ ᠬᠢ ᠦᠪᠡᠷ ᠤᠨ ᠨᠤᠳᠤᠭ ᠲᠤ ᠪᠠᠨ ︽ᠬᠤᠯᠠᠠ ᠰᠢᠷᠭ᠎ᠠ ᠵᠤᠭᠠᠴᠠᠯ ᠤᠨ ᠴᠡᠭ︾ ᠢ ᠡᠷᠬᠢᠯᠡᠵᠦ᠂ 2017 ᠤᠨ ᠠᠴᠠ ᠬᠦᠦ ᠠᠯᠳᠠᠨᠪᠦ᠋ᠷᠬᠦᠳ ᠨᠢ ᠭᠤᠤᠯᠯᠠᠨ ᠡᠵᠡᠩᠨᠡᠵᠦ᠂ ᠠᠷᠪᠠᠭᠠᠳ ᠵᠢᠯ ᠤᠨ ᠨᠢᠭᠤᠷ ᠢ ᠦᠵᠡᠵᠦ ᠪᠠᠶᠢᠬᠤ ᠪᠢᠯᠠ᠃ ᠡᠳᠡᠨ ᠤ ᠬᠢᠨ ᠭᠤᠤᠯᠳᠠᠭᠤ ᠮᠤᠩᠭᠤᠯ ᠢᠳᠡᠬᠡᠨ ᠤᠮᠳᠠᠭᠠᠨ ᠢᠶᠠᠷ ᠭᠤᠤᠯᠳᠠᠭᠤᠯᠵᠤ᠂ ᠮᠤᠩᠭᠤᠯ ᠬᠡᠷ ᠢᠶᠠᠨ ᠪᠤᠰᠬᠠᠨ᠂ 6 ᠵᠤᠴᠢᠯᠠᠬᠤ ᠬᠡᠷ᠂ 2 ᠬᠤᠨᠤᠭ ᠤᠨ ᠭᠠᠵᠠᠷ ᠭᠠᠷᠭᠠᠨ᠂ ᠬᠤᠯᠠ ᠤᠢᠢᠷ᠎ᠠ ᠶᠢᠨ ᠵᠤᠭᠠᠴᠠᠭᠰᠠᠤᠠ ᠢ ᠬᠦᠯᠢᠶᠡᠨ ᠵᠤᠴᠢᠯᠠᠵᠤ᠂ ᠨᠢᠳᠤᠨᠤᠨ ᠵᠢᠯ ᠤᠨ ᠵᠤᠭᠠᠴᠠᠭᠰᠠᠳ ᠤᠨ ᠲᠤᠭ᠎ᠠ 2000 ᠭᠠᠷᠤᠢ ᠳᠤ ᠬᠦᠷᠴᠦ᠂ ᠵᠢᠯ ᠤᠨ ᠵᠤᠭᠠᠴᠠᠯ ᠤᠨ ᠤᠷᠤᠯᠭ᠎ᠠ ᠨᠢ ᠠᠷᠪᠠᠨ ᠲᠦᠮᠡ ᠭᠠᠷᠤᠢ ᠲᠦᠬᠦᠷᠢᠭ ᠲᠤ ᠬᠦᠷᠴᠠᠢ᠃ ᠨᠤᠭᠤᠭᠠᠨᠳᠠᠯ᠎ᠠ ᠭᠠᠴᠠᠭ᠎ᠠ ᠤᠯᠤᠰ ᠤᠨ ᠲᠡᠰ ᠤᠨ ᠤᠨᠴᠠᠯᠢᠭᠳᠤ ᠭᠠᠴᠠᠭ᠎ᠠ ᠪᠤᠯᠤᠭᠰᠠᠨ ᠢᠶᠠᠷ ᠵᠢᠭᠤᠯᠴᠢᠯᠠᠯ ᠤᠨ ᠦᠢᠯᠡᠰ ᠡᠷᠬᠢᠯᠡᠵᠦ ᠪᠠᠶᠢᠭ᠎ᠠ ᠲᠡᠳᠡᠨ ᠤ ᠬᠢᠨ ᠳᠤ ᠠᠪᠴᠤ ᠶᠠᠷᠢᠪᠠᠯ ᠨᠢᠬᠡᠨ ᠰᠠᠶᠢᠨ ᠠᠵᠠ ᠲᠤᠬᠢᠶᠠᠯ ᠠᠪᠴᠢᠷᠠᠭᠰᠠᠨ ᠪᠠᠶᠢᠯ᠎ᠠ᠃ ︽ᠮᠠᠨ ᠤ ᠭᠠᠴᠠᠭ᠎ᠠ ᠵᠤᠭᠠᠴᠠᠯ ᠤᠨ ᠦᠢᠯᠡᠰ ᠢ ᠬᠡᠪᠴᠢᠶᠡᠵᠢᠬᠦᠯᠦᠨ ᠬᠦᠭᠵᠢᠬᠦᠯᠬᠦ ᠠᠵᠠ ᠲᠤᠬᠢᠶᠠᠯ ᠢᠶᠠᠷ ᠮᠠᠨ ᠤ ᠬᠢᠨ ᠴᠦ ᠵᠤᠭᠠᠴᠠᠯ ᠤᠨ ᠴᠡᠭ ᠢᠶᠠᠨ ᠨᠡᠩ ᠰᠠᠶᠢᠳᠤᠷ ᠡᠷᠬᠢᠯᠡᠵᠦ᠂ ᠬᠤᠭᠤᠯᠠ ᠤᠮᠳᠠᠭᠠᠨ ᠢᠶᠠᠷ ᠭᠤᠤᠯᠳᠠᠭᠤᠯᠵᠤ ᠪᠠᠶᠢᠭᠰᠠᠨ ᠢᠶᠠᠨ ᠲᠤᠭᠯᠠᠭᠠᠮ ᠤᠨ ᠲᠦᠷᠦᠯ᠂ ᠮᠠᠯᠵᠢᠬᠤ ᠠᠮᠢᠳᠤᠷᠠᠯ ᠳᠤ ᠪᠡᠶᠡᠴᠢᠯᠡᠨ ᠤᠷᠤᠯᠴᠠᠬᠤ ᠵᠡᠷᠬᠡ ᠠᠭᠤᠯᠭ᠎ᠠ ᠶᠢ ᠨᠡᠮᠡᠵᠦ ᠪᠠᠶᠠᠯᠢᠭᠵᠢᠭᠤᠯᠬᠤ ᠪᠠᠷ ᠲᠦᠯᠦᠪᠯᠡᠵᠦ ᠪᠠᠶᠢᠨ᠎ᠠ ︾ ᠬᠡᠵᠦ ᠠᠯᠳᠠᠨᠪᠦ᠋ᠷᠬᠦᠳ ᠶᠠᠷᠢᠨ᠎ᠠ᠃     ᠪᠠᠷᠠᠭᠤᠨ ᠦᠵᠦᠮᠦᠴᠢᠨ ᠬᠤᠰᠢᠭᠤ ᠨᠢ ᠤᠢᠢᠷ᠎ᠠ ᠶᠢᠨ ᠵᠢᠯ ᠠᠴᠠ ᠰᠤᠶᠤᠯ ᠵᠢᠭᠤᠯᠴᠢᠯᠠᠯ ᠤᠨ ᠠᠭᠤᠰᠤᠯᠴᠠᠯ ᠢ ᠴᠢᠬᠤᠯᠠᠴᠢᠯᠠᠨ ᠠᠳᠬᠤᠵᠤ᠂ ᠲᠠᠯ᠎ᠠ ᠨᠤᠳᠤᠭ ᠤᠨ ᠦᠡᠭᠬᠡ ᠦᠵᠡᠮᠵᠢ᠂ ᠨᠡᠬᠦᠳᠡᠯ ᠮᠠᠯᠵᠢᠯ ᠤᠨ ᠰᠤᠶᠤᠯ ᠢᠶᠠᠷ ᠢᠶᠠᠨ ᠤᠯᠤᠰ ᠤᠨ ᠲᠤᠳᠤᠭᠠᠳᠤ ᠭᠠᠳᠠᠭᠠᠳᠤ ᠶᠢᠨ ᠵᠢᠭᠤᠯᠴᠢᠯᠠᠭᠴᠢᠳ ᠤᠨ ᠠᠩᠬᠠᠷᠤᠯ ᠳᠤ ᠬᠦᠷᠴᠦ᠂ ᠠᠶᠠᠯᠠᠯ ᠵᠢᠭᠤᠯᠴᠢᠯᠠᠯ ᠤᠨ ᠦᠢᠯᠡᠰ ᠢᠶᠠᠷ ᠤᠷᠤᠨ ᠨᠤᠳᠤᠭ ᠤᠨ ᠠᠵᠤ ᠠᠬᠤᠢ ᠶᠢᠨ ᠬᠦᠭᠵᠢᠯᠳᠡ ᠶᠢ ᠲᠠᠶᠢᠴᠢᠯᠠᠵᠤ᠂ ᠠᠷᠠᠳ ᠤᠨ ᠠᠮᠢᠳᠤᠷᠠᠯ ᠤᠨ ᠤᠷᠤᠯᠭ᠎ᠠ ᠶᠢᠨ ᠨᠡᠮᠡᠭᠳᠡᠯ ᠢ ᠠᠬᠢᠭᠤᠯᠤᠭᠰᠠᠭᠠᠷ ᠢᠷᠡᠭᠰᠡᠨ ᠶᠤᠮ᠃ ᠤᠷᠴᠢᠮ ᠤᠨ ᠵᠢᠯ ᠠᠴᠠ ᠲᠤᠰ ᠬᠤᠰᠢᠭᠤ ᠨᠢ ᠠᠳᠤᠭᠤᠨ ᠰᠤᠶᠤᠯ ᠤᠨ ᠠᠵᠤ ᠦᠢᠯᠡᠰ ᠢ ᠴᠢᠬᠤᠯᠠᠴᠢᠯᠠᠨ ᠠᠳᠬᠤᠵᠤ᠂ ᠠᠶᠠᠯᠠᠯ ᠵᠢᠭᠤᠯᠴᠢᠯᠠᠯ ᠤᠨ ᠦᠢᠯᠡᠰ ᠤᠨ ᠭᠦᠭᠵᠢᠯᠳᠡ ᠲᠠᠢ ᠠᠭᠤᠰᠤᠯᠴᠠᠭᠤᠯᠤᠨ᠂ ᠴᠠᠭᠠᠨ ᠠᠳᠤᠭᠤᠨ ᠤ ᠨᠡᠷᠡᠳᠦ ᠲᠡᠮᠳᠡᠭᠳᠦ ᠶᠢ ᠪᠤᠢ ᠪᠤᠯᠭᠠᠵᠤ᠂ 2012 ᠤᠨ ᠳᠤ ︽ᠲᠤᠮᠳᠠᠳᠤ ᠤᠯᠤᠰ ᠤᠨ ᠴᠡᠭᠠᠨ ᠠᠳᠤᠭᠤᠨ ᠤ ᠨᠤᠳᠤᠬ︾ ᠢᠶᠠᠷ ᠨᠡᠷᠡᠶᠢᠳᠦᠭᠳᠡᠵᠦ᠂ 2019 ᠤᠨ ᠳᠤ ᠪᠦᠭᠦ ᠬᠤᠰᠢᠭᠤᠨ ᠤ ᠠᠳᠤᠭᠤ 4 ᠲᠦᠮᠨ 925 ᠪᠤᠯᠵᠤ᠂ ᠡᠭᠦᠨ ᠳᠤ ᠴᠠᠭᠠᠨ ᠠᠳᠤᠭᠤ 6460 ᠳᠤ ᠭᠦᠷᠴᠦ᠂ ᠠᠳᠤᠭᠤ ᠮᠠᠯᠵᠢᠵᠤ ᠪᠠᠶᠢᠭ᠎ᠠ ᠡᠷᠦᠭᠡ 2131 ᠪᠠᠶᠢᠵᠤ᠂ ᠡᠭᠦᠨ ᠳᠤ ᠴᠠᠭᠠᠨ ᠠᠳᠤᠭᠤ ᠮᠠᠯᠵᠢᠵᠤ ᠪᠠᠶᠢᠭ᠎ᠠ ᠡᠷᠦᠭᠡ 345 ᠳᠤ ᠭᠦᠷᠦᠭᠰᠡᠨ ᠪᠠᠶᠢᠨ᠎ᠠ᠃     ᠲᠤᠰ ᠬᠤᠰᠢᠭᠤ ᠨᠢ ᠡᠯᠪᠡᠭ ᠪᠠᠶᠠᠯᠢᠭ ᠦᠪᠡᠷᠮᠢᠴᠠ ᠤᠡᠴᠠᠯᠢᠭ ᠲᠠᠢ ᠵᠤᠭᠠᠴᠠᠯ ᠤᠨ ᠡᠬᠢ ᠪᠠᠶᠠᠯᠢᠭ ᠲᠤ ᠪᠠᠨ ᠲᠦᠰᠢᠭᠯᠡᠨ᠂ ᠤᠷᠤᠨ ᠨᠤᠳᠤᠭ ᠤᠨ ᠤᠡᠴᠠᠯᠢᠭ ᠪᠦᠬᠦᠢ ᠲᠠᠯ᠎ᠠ ᠨᠤᠳᠤᠭ ᠤᠨ ᠦᠵᠡᠮᠵᠢ ᠶᠢᠨ ᠤᠷᠤᠨ ᠢ ᠪᠠᠶᠢᠭᠤᠯᠵᠤ᠂ ᠵᠤᠭᠠᠴᠠᠯ ᠤᠨ ᠭᠤᠤᠯᠳᠠᠯᠭ᠎ᠠ ᠲᠠᠢ ᠨᠡᠬᠡᠬᠡᠯᠳᠠ ᠶᠢᠨ ᠲᠦᠷᠤᠯ ᠵᠦᠢᠯ ᠢ ᠢᠳᠡᠪᠬᠢᠳᠠᠢ ᠨᠡᠮᠡᠭᠳᠡᠬᠦᠯᠵᠤ᠂ ᠭᠠᠳᠠᠭᠰᠢ ᠤᠬᠠᠭᠤᠯᠬᠤ ᠠᠵᠢᠯ ᠢ ᠡᠷᠴᠢᠮᠳᠡᠢ ᠭᠢᠭᠦ ᠲᠡᠬᠡᠷ᠎ᠡ ᠭᠤᠤᠯ ᠬᠦᠴᠤ ᠪᠠᠨ ᠲᠠᠯᠪᠢᠵᠦ᠂ ᠤᠷᠢᠳ ᠬᠤᠵᠢᠳ ᠲᠡᠯᠡᠬᠡᠢ ᠶᠢᠨ ᠬᠢᠨᠢᠰ ᠤᠨ ᠲᠡᠮᠳᠡᠭᠯᠡᠯ ᠢ ᠡᠬᠦᠤᠡᠬᠦ ︽800 ᠠᠵᠢᠨᠠᠢ ᠬᠦᠯᠥᠭ ᠤᠨ ᠤᠷᠤᠯᠳᠤᠭᠠᠨ︾᠂ ︽ᠪᠠᠭ᠋ᠠᠷᠠᠮ᠎ᠠ ᠰᠠᠶᠢᠬᠠᠨ ᠪᠠᠷᠠᠭᠤᠨ ᠦᠵᠤᠮᠤᠴᠢᠨ — ᠠᠮᠤᠭᠤᠯᠠᠩᠳᠤ ᠨᠠᠭᠠᠳᠤᠮ︾᠂ ︽ᠦᠵᠤᠮᠤᠴᠢᠨ ᠮᠦᠡᠭᠬᠦᠨ ᠡᠪᠤᠯ ᠤᠨ ᠨᠠᠶᠢᠷ — ᠲᠠᠯ᠎ᠠ ᠨᠤᠳᠤᠭ ᠤᠨ ᠰᠤᠶᠤᠯ ᠵᠤᠭᠠᠴᠠᠯ ᠤᠨ ᠰᠢᠨ᠎ᠠ ᠤᠨ ᠤ ᠨᠠᠭᠠᠳᠤᠮ︾ ᠵᠡᠷᠭᠡ ᠭᠤᠤᠯ ᠰᠡᠳᠤᠪᠳᠤ ᠠᠵᠢᠯᠯᠠᠭ᠎ᠠ ᠪᠤᠯᠤᠨ ᠲᠤᠮᠳᠠᠳᠤ ᠤᠯᠤᠰ ᠤᠨ ᠲᠠᠯ᠎ᠠ ᠨᠤᠳᠤᠭ ᠤᠨ ᠠᠯᠤᠰ ᠤᠨ ᠮᠤᠷᠢᠨ ᠤ ᠤᠷᠤᠯᠳᠤᠭᠠᠨ ᠵᠡᠷᠭᠡ ᠶᠢ ᠠᠮᠵᠢᠯᠳᠠᠲᠠᠢ ᠡᠷᠭᠢᠯᠡᠵᠤ᠂ ᠤᠯᠤᠰ ᠤᠨ ᠲᠤᠳᠤᠨ᠎ᠠ ᠭᠠᠳᠠᠨᠠᠬᠢ ᠵᠤᠭᠠᠴᠬᠠᠰᠠᠤᠨ ᠤᠨ ᠲᠤᠷ᠎ᠠ ᠰᠤᠨᠢᠷᠬᠠᠯ ᠢ ᠲᠠᠳᠠᠵᠤ᠂ ᠠᠳᠤᠭᠤᠨ ᠤ ᠠᠵᠤ ᠦᠢᠯᠡᠰ ᠢ ᠠᠶᠠᠯᠠᠯ ᠵᠢᠭᠤᠯᠴᠢᠯᠠᠯ ᠤᠨ ᠦᠢᠯᠡᠰ ᠲᠠᠢ ᠤᠶᠠᠯᠳᠤᠭᠤᠯᠤᠨ ᠭᠦᠭᠵᠢᠭᠦᠯᠵᠦ᠂ ᠠᠳᠤᠭᠤ ᠮᠠᠯᠵᠢᠬᠰᠠᠨ ᠮᠠᠯᠴᠢᠳ ᠲᠤ ᠠᠰᠢᠭ ᠤᠷᠤᠯᠭ᠎ᠠ ᠡᠭᠦᠳᠭᠦ ᠠᠵᠠ ᠲᠤᠭᠢᠶᠠᠯ ᠤᠯᠭᠤᠭᠰᠠᠨ ᠶᠤᠮ᠃ 2018 ᠤᠨ ᠤ 5 ᠰᠠᠷ᠎ᠠ ᠶᠢᠨ ᠡᠬᠢ ᠪᠠᠷ᠂ ᠰᠢᠯᠢ ᠶᠢᠨ ᠭᠤᠤᠯ ᠠᠶᠢᠮᠠᠭ ᠤᠨ ᠵᠤᠭᠠᠴᠠᠯ ᠤᠨ ᠰᠢᠨ᠎ᠡ ᠨᠡᠷᠡᠲᠦ ᠲᠡᠮᠳᠡᠭ ᠢ ᠡᠬᠦᠳᠴᠦ᠂ ᠰᠤᠶᠤᠯ ᠲᠡᠤᠭᠡ ᠵᠤᠭᠠᠴᠠᠯ᠂ ᠬᠦᠮᠦᠨ ᠪᠠᠶᠢᠭᠠᠯᠢ ᠶᠢ ᠤᠶᠠᠯᠳᠤᠭᠤᠯᠤᠬᠰᠠᠨ ᠦᠪᠡᠷᠳᠡᠬᠡᠨ ᠠᠶᠠᠯᠠᠨ ᠵᠤᠭᠠᠴᠠᠬᠤ ᠰᠤᠶᠤᠯ ᠵᠢᠭᠤᠯᠴᠢᠯᠡᠯ ᠤᠨ ᠭᠤᠷᠪᠡᠨ ᠭᠤᠤᠯ ᠱᠤᠭᠤᠮ ᠢ ᠤᠬᠠᠭᠤᠯᠤᠨ ᠰᠤᠷᠳᠠᠯᠴᠢᠯᠠᠬᠤ ᠬᠤᠷᠠᠯ ᠪᠡᠭᠡᠵᠢᠩ ᠳᠤ ᠶᠠᠪᠤᠬᠳᠠᠬᠰᠠᠨ ᠪᠢᠯᠡ᠃ ᠬᠤᠷᠠᠯ ᠳᠡᠭᠡᠷ᠎ᠡ ︽ᠰᠢᠯᠢ ᠶᠢᠨ ᠭᠤᠤᠯ ᠤᠨ  ᠲᠦᠮᠡᠨ ᠭᠠᠵᠠᠷ ᠤᠨ ᠲᠠᠯ᠎ᠠ ᠨᠤᠳᠤᠬ ᠤᠨ ᠵᠤᠭᠠᠴᠠᠯ ᠤᠨ ᠦᠵᠡᠮᠵᠢ ᠶᠢᠨ ᠱᠤᠭᠤᠮ︾ ᠢᠶᠠᠷ ᠭᠤᠤᠯ ᠰᠠᠳᠤᠪ ᠪᠤᠯᠭᠠᠨ᠂ ᠰᠢᠯᠢ ᠶᠢᠨ ᠭᠤᠤᠯ ᠤᠨ ᠲᠠᠯ᠎ᠠ ᠨᠤᠳᠤᠬ ᠤᠨ ᠠᠮᠢ ᠠᠬᠤᠢ᠂ ᠡᠷᠳᠡᠨ ᠤ ᠲᠡᠤᠬᠡ᠂ ᠨᠡᠬᠦᠳᠡᠯ ᠮᠠᠯᠵᠢᠯ ᠤᠨ ᠰᠤᠶᠤᠯ ᠪᠠ ᠲᠡᠬᠦᠨ ᠤ ᠡᠷᠬᠢᠨ ᠲᠤᠭᠤᠷᠢᠨ ᠳᠠᠬᠢ ᠠᠶᠠᠯᠠᠯ ᠵᠤᠭᠠᠴᠠᠯ ᠤᠨ ᠡᠬᠢ ᠪᠠᠶᠠᠯᠢᠭ ᠢ ᠲᠠᠨᠢᠯᠴᠠᠭᠤᠯᠪᠡ᠃ ᠡᠨᠡᠬᠦ ᠭᠤᠷᠪᠡᠨ ᠱᠤᠭᠤᠮ ᠨᠢ ᠰᠢᠯᠢ ᠶᠢᠨ ᠭᠤᠤᠯ ᠤᠨ ᠰᠤᠶᠤᠯ ᠲᠡᠤᠬᠡ ᠪᠠᠶᠢᠭᠠᠯᠢ ᠶᠢᠨ ᠦᠩᠬᠡ ᠦᠵᠡᠮᠵᠢ ᠶᠢ ᠪᠦᠬᠦ ᠲᠠᠯ᠎ᠠ ᠪᠠᠷ ᠬᠠᠮᠤᠷᠤᠬᠰᠠᠨ ᠵᠤᠭᠠᠴᠠᠯ ᠤᠨ ᠵᠠᠮ ᠪᠤᠯᠤᠨ᠎ᠠ᠃     ᠰᠢᠯᠢ ᠶᠢᠨ ᠭᠤᠤᠯ ᠤᠨ ᠲᠦᠮᠡᠨ ᠭᠠᠵᠠᠷ ᠤᠨ ᠲᠠᠯ᠎ᠠ ᠨᠤᠳᠤᠬ ᠤᠨ ᠰᠤᠶᠤᠯ ᠵᠤᠭᠠᠴᠠᠯ ᠤᠨ ᠦᠵᠡᠮᠵᠢ ᠶᠢᠨ ᠱᠤᠭᠤᠮ ᠨᠢ ᠡᠯᠪᠡᠭ ᠪᠠᠶᠠᠯᠢᠭ ᠲᠠᠯ᠎ᠠ ᠨᠤᠳᠤᠬ ᠤᠨ ᠡᠬᠢ ᠪᠠᠶᠠᠯᠢᠭ ᠲᠤ ᠪᠠᠨ ᠲᠦᠰᠢᠭᠯᠡᠨ᠂ ᠲᠠᠯ᠎ᠠ ᠨᠤᠳᠤᠬ ᠤᠨ ᠰᠤᠶᠤᠯ᠂  ᠶᠤᠸᠠᠨ ᠤ ᠰᠤᠶᠤᠯ᠂ ᠨᠡᠬᠦᠳᠡᠯ ᠮᠠᠯᠵᠢᠯ ᠤᠨ ᠰᠤᠶᠤᠯ ᠢᠶᠠᠷ ᠦᠪᠡᠷᠮᠢᠴᠡ ᠤᠨᠴᠠᠯᠢᠭ ᠪᠤᠯᠭᠠᠬᠰᠠᠨ ᠶᠤᠮ᠃ ᠡᠨᠡᠬᠦ ᠦᠵᠡᠮᠵᠢ ᠶᠢᠨ ᠱᠤᠭᠤᠮ ᠤᠨ ᠪᠦᠬᠦ ᠤᠷᠲᠦ ᠨᠢ 600 ᠭᠠᠷᠤᠢ ᠺᠢᠯᠦᠮᠧᠲᠷ ᠪᠠᠶᠢᠵᠦ᠂ 1 ᠭᠤᠤᠯ ᠱᠤᠭᠤᠮ 8 ᠰᠠᠯᠪᠤᠷᠢ ᠱᠤᠭᠤᠮ ᠢ ᠬᠠᠮᠤᠷᠴᠦ᠂ ᠮᠠᠨ ᠤ ᠠᠶᠢᠮᠠᠬ ᠤᠨ ᠲᠤᠯᠤᠨ ᠨᠤᠤᠷ ᠰᠢᠶᠠᠨ᠂ ᠰᠢᠯᠤᠭᠤᠨ ᠬᠦᠬᠡ ᠬᠤᠰᠢᠭᠤ᠂ ᠳᠠᠶᠢᠹᠦᠰᠧ ᠬᠤᠰᠢᠭᠤ᠂ ᠰᠢᠯᠢ ᠶᠢᠨ ᠬᠤᠳᠠ᠂ ᠪᠠᠷᠠᠭᠤᠨ ᠦᠵᠦᠮᠦᠴᠢᠨ ᠬᠤᠰᠢᠭᠤ᠂ ᠵᠡᠬᠦᠨ ᠦᠵᠦᠮᠦᠴᠢᠨ ᠬᠤᠰᠢᠭᠤ᠂ ᠤᠯᠠᠭᠠᠢ ᠬᠠᠮᠢᠶᠠᠷᠤᠯᠳᠠ ᠶᠢᠨ ᠤᠷᠤᠨ ᠵᠡᠷᠭᠡ 7 ᠬᠤᠰᠢᠭᠤ ᠰᠢᠶᠠᠨ ᠬᠤᠳᠠ ᠤᠷᠤᠨ ᠤ 21 ᠦᠵᠡᠮᠵᠢ ᠶᠢᠨ ᠤᠷᠤᠨ ᠢ ᠪᠠᠭᠳᠠᠭᠠᠵᠦ ᠪᠤᠢ᠃     ᠮᠠᠨ ᠤ ᠠᠶᠢᠮᠠᠭ ᠡᠶᠢᠨ ᠬᠦ ᠤᠨᠴᠠᠯᠢᠭᠳᠤ ᠠᠵᠤ ᠦᠢᠯᠡᠰ ᠢ ᠬᠦᠭᠵᠢᠬᠦᠯᠦᠨ᠂ ᠰᠤᠶᠤᠯ ᠵᠢᠭᠤᠯᠴᠢᠯᠠᠯ ᠤᠨ ᠬᠦᠭᠵᠢᠯᠳᠡ ᠶᠢ ᠠᠬᠢᠭᠤᠯᠤᠨ᠂ ᠬᠢᠯᠢ ᠪᠠᠨ ᠬᠦᠭᠵᠢᠬᠦᠯᠵᠦ ᠠᠷᠠᠳ ᠢᠶᠠᠨ ᠪᠠᠶᠠᠵᠢᠭᠤᠯᠬᠤ ᠠᠵᠢᠯᠯᠠᠭ᠎ᠠ ᠪᠠᠷ ᠠᠴᠢᠶᠠᠯᠠᠪᠤᠷᠢ ᠪᠤᠯᠭᠠᠵᠤ᠂ ᠤᠯᠤᠰ ᠪᠠ ᠦᠪᠡᠷᠳᠡᠬᠡᠨ ᠵᠠᠰᠠᠬᠤ ᠤᠷᠤᠨ ᠤ ᠴᠦᠬᠡᠨ ᠲᠤᠭᠠᠳᠤ ᠦᠨᠳᠦᠰᠦᠳᠡᠨ ᠤ ᠬᠦᠭᠵᠢᠬᠦᠯᠤᠯᠳᠡ ᠶᠢᠨ ᠪᠡᠯᠡ ᠮᠦᠡᠭᠬᠦ ᠶᠢ ᠢᠳᠡᠪᠬᠢᠳᠠᠢ ᠡᠷᠡᠮᠡᠯᠵᠡᠯᠡᠨ ᠤᠯᠵᠤ᠂ ᠴᠦᠬᠡᠨ ᠲᠤᠭᠠᠳᠤ ᠦᠨᠳᠦᠰᠦᠳᠡᠨ ᠤ ᠭᠠᠵᠠᠷ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠶᠢ ᠲᠠᠶᠢᠴᠢᠯᠠᠵᠤ᠂ ᠦᠨᠳᠦᠰᠦᠳᠡᠨ ᠨᠦᠭᠦᠳ ᠪᠦᠯᠬᠦᠮᠳᠡᠵᠦ᠂ ᠠᠷᠠᠳ ᠤᠨ ᠠᠮᠢᠳᠤᠷᠠᠯ ᠰᠠᠶᠢᠵᠢᠷᠠᠨ᠂ ᠠᠵᠤ ᠠᠬᠤᠢ ᠬᠦᠭᠵᠢᠭᠰᠡᠨ᠂ ᠨᠡᠶᠢᠭᠡᠮ ᠡᠶ᠎ᠡ ᠵᠤᠬᠢᠴᠠᠯ ᠲᠠᠢ ᠡᠬᠡ ᠤᠯᠤᠰ ᠤᠨ ᠤᠮᠠᠷᠠᠳᠤ ᠬᠢᠯᠢ ᠶᠢᠨ ᠦᠵᠡᠰᠬᠦᠯᠡᠩᠳᠦ ᠰᠠᠶᠢᠬᠠᠨ ᠦᠵᠡᠮᠵᠢ ᠶᠢᠨ ᠤᠷᠤᠨ ᠢ ᠪᠦᠳᠦᠬᠡᠨ ᠪᠠᠶᠢᠭᠤᠯᠬᠤ ᠪᠠᠷ ᠬᠠᠮᠳᠤ ᠪᠠᠷ ᠴᠢᠷᠮᠠᠶᠢᠵᠤ ᠪᠠᠶᠢᠬᠤ ᠪᠢᠯᠠ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号