ᠪᠣᠳᠣᠯ ᠬᠦᠷᠬᠦ ᠭᠠᠵᠠᠷ ᠪᠣᠷᠤᠯᠠᠭᠤᠯᠭ᠎ᠠ ᠶᠢᠨ ᠵᠠᠮ ᠪᠣᠢ
ᠨᠡᠶᠢᠲᠡᠯᠡᠭᠰᠡᠨ ᠴᠠᠭ᠄
2021/8/24
    ᠶᠠᠮᠠᠷᠪᠠ ᠠᠵᠢᠯ ᠦᠢᠯᠡᠰ ᠤᠨ ᠠᠮᠵᠢᠯᠲᠠ ᠨᠢ ᠪᠣᠳᠣᠯ ᠬᠦᠷᠦᠭᠰᠡᠨ ᠭᠠᠵᠠᠷ ᠠᠴᠠ ᠯᠠ ᠡᠬᠢᠯᠡᠳᠡᠭ ᠤᠴᠢᠷᠲᠠᠢ᠃ ᠮᠠᠯᠵᠢᠬᠤ ᠦᠢᠯᠡᠳᠪᠤᠷᠢᠯᠡᠯ ᠤᠨ ᠳᠠᠯ᠎ᠠ ᠪᠠᠷ ᠨᠢᠭᠡᠨ ᠴᠢᠬᠤᠯᠠ ᠭᠤᠭᠴᠤᠭ᠎ᠠ ᠶᠢ ᠶᠠᠷᠢᠪᠠᠯ ᠪᠤᠷᠤᠯᠠᠭᠤᠯᠭ᠎ᠠ ᠶᠤᠮ᠃ ᠪᠣᠳᠣᠯ ᠬᠦᠷᠦᠭᠰᠡᠨ ᠭᠠᠵᠠᠷ ᠲᠤ ᠯᠠ ᠪᠣᠷᠤᠯᠠᠭᠤᠯᠭ᠎ᠠ ᠶᠢᠨ ᠣᠷᠣᠨ ᠵᠠᠢ ᠲᠠᠢ ᠪᠠᠶᠢᠵᠤ ᠮᠠᠯᠵᠢᠬᠤ ᠦᠢᠯᠡᠳᠪᠦᠷᠢᠯᠡᠯ ᠤᠨ ᠶᠡᠭᠡ ᠦᠢᠯᠡᠰ ᠤᠨ ᠬᠦᠭᠵᠢᠯᠲᠡ ᠶᠢᠨ ᠰᠠᠷᠠᠭᠤᠯ ᠳᠠᠷᠳᠠᠩ ᠵᠠᠮ ᠨᠡᠭᠡᠭᠡᠭᠳᠡᠳᠡᠭ ᠶᠤᠮ᠃ ᠤᠨᠴᠠᠭᠠᠢᠢᠯᠠᠨ ᠰᠢᠨ᠎ᠡ ᠴᠠᠭ ᠦᠶ᠎ᠡ ᠳᠤ᠂ ᠰᠦᠯᠵᠢᠶ᠎ᠡ ᠬᠤᠯᠪᠤᠭᠠᠨ ᠤ ᠣᠯᠠᠨ ᠲᠠᠯ᠎ᠠ ᠶᠢᠨ ᠨᠦᠬᠦᠴᠡᠯ ᠪᠣᠯᠤᠮᠵᠢ ᠪᠦᠬᠦᠨ ᠢ ᠠᠯᠳᠠᠯ ᠦᠭᠡᠢ ᠪᠣᠳᠤᠵᠤ ᠣᠯᠬᠤ ᠳᠤ ᠬᠦᠷᠪᠡᠯ ᠪᠣᠷᠤᠯᠠᠭᠤᠯᠭ᠎ᠠ ᠶᠢᠨ ᠣᠷᠣᠨ ᠵᠠᠢ ᠶᠢ ᠨᠡᠭᠡᠭᠡᠨ ᠠᠰᠢᠭᠯᠠᠵᠤ ᠪᠣᠯᠬᠤ ᠶᠤᠮ᠃     ᠮᠠᠨ ᠤ ᠵᠠᠷᠢᠮ ᠮᠠᠯᠴᠢᠳ ᠦᠨᠢ ᠤᠳᠠᠭᠠᠨ ᠲᠡᠥᠬᠡ ᠲᠠᠢ ᠤᠯᠠᠮᠵᠢᠯᠠᠯ ᠮᠠᠶ᠋ᠢᠭ ᠤᠨ ᠮᠠᠯᠵᠢᠯ ᠤᠨ ᠠᠷᠭ᠎ᠠ ᠪᠠᠷ ᠢᠶᠠᠨ ᠮᠠᠯ ᠢᠶᠠᠨ ᠮᠠᠯᠵᠢᠵᠤ ᠪᠠᠶᠢᠪᠠᠯ ᠪᠣᠯᠤᠨ᠎ᠠ ᠭᠡᠵᠦ ᠪᠣᠳᠣᠳᠠᠭ᠃ ᠡᠶᠢᠮᠦᠷᠭᠦᠦ ᠪᠣᠳᠣᠯ ᠳᠤ ᠨᠢ ᠨᠡᠶᠢᠭᠡᠮ ᠤᠨ ᠬᠦᠭᠵᠢᠯᠲᠡ ᠶᠢ ᠳᠠᠭᠠᠯᠳᠤᠨ ᠴᠠᠭ ᠦᠶ᠎ᠡ ᠶᠢᠨ ᠱᠠᠭᠠᠷᠳᠠᠯᠭ᠎ᠠ ᠲᠠᠢ ᠵᠣᠬᠢᠴᠠᠬᠤ ᠦᠭᠡᠢ ᠲᠠᠯ᠎ᠠ ᠣᠯᠠᠨ ᠢᠯᠡᠷᠡᠵᠦ ᠪᠠᠶᠢᠨ᠎ᠠ᠃ ᠣᠳᠣ ᠪᠢᠳᠡ ᠵᠠᠬ᠎ᠠ ᠳᠡᠯᠭᠡᠭᠦᠷ ᠤᠨ ᠠᠵᠤ ᠠᠬᠤᠢ ᠶᠢᠨ ᠨᠡᠶᠢᠭᠡᠮ ᠳᠤ ᠠᠮᠢᠳᠤᠷᠠᠵᠤ ᠪᠠᠶᠢᠭ᠎ᠠ ᠤᠴᠢᠷ ᠠᠴᠠ ᠶᠠᠭᠠᠬᠢᠪᠠᠯ ᠠᠵᠤ ᠠᠬᠤᠢ ᠶᠢᠨ ᠠᠰᠢᠭ ᠣᠷᠤᠯᠭ᠎ᠠ ᠪᠠᠨ ᠤᠯᠠᠮ ᠢᠯᠡᠭᠦᠦ ᠨᠡᠮᠡᠭᠳᠡᠭᠦᠯᠵᠦ ᠴᠢᠳᠠᠬᠤ ᠪᠣᠢ︖ ᠭᠡᠳᠡᠭ ᠢ ᠲᠡᠷᠢᠭᠦᠨ ᠳᠤ ᠪᠣᠳᠣᠬᠤ ᠴᠠᠭ ᠪᠣᠯᠵᠠᠢ᠃ ᠠᠶᠢᠯ ᠭᠡᠷ ᠤᠨ ᠢᠶᠠᠨ ᠠᠵᠤ ᠠᠬᠤᠢ ᠶᠢᠨ ᠨᠦᠬᠦᠴᠡᠯ ᠢ ᠦᠨᠡᠨ ᠬᠦ ᠰᠠᠶᠢᠵᠢᠷᠠᠭᠤᠯᠬᠤ ᠶᠢ ᠴᠠᠭ ᠢᠮᠠᠭᠳᠠ ᠰᠡᠳᠬᠢᠨ ᠪᠣᠳᠣᠬᠤ ᠶᠢᠨ ᠬᠠᠮᠲᠤ ᠪᠣᠯᠤᠮᠵᠢ ᠪᠦᠬᠦᠨ ᠢ ᠠᠯᠳᠠᠯ ᠦᠭᠡᠢ ᠪᠤᠳᠤᠯᠬᠢᠯᠠᠬᠤ ᠱᠠᠭᠠᠷᠳᠠᠯᠭ᠎ᠠ ᠲᠠᠢ ᠪᠠᠶᠢᠨ᠎ᠠ᠃ ᠵᠢᠱᠢᠶᠡᠯᠡᠪᠡᠯ᠂ ᠰᠢᠯᠤᠭᠤᠨ ᠬᠥᠬᠡ ᠬᠤᠰᠢᠭᠤᠨ ᠤ ᠪᠣᠱᠣᠣᠳᠠᠢ ᠰᠤᠮᠤᠨ ᠤ ᠪᠠᠶᠠᠨᠪᠣᠯᠠᠭ ᠭᠠᠴᠠᠭᠠᠨ ᠤ ᠮᠠᠯᠴᠢᠨ ᠪᠣᠯᠤᠳ ᠤᠯᠠᠷᠢᠯ ᠤᠨ ᠰᠠᠶᠢᠬᠠᠨ᠂ ᠤᠷᠭᠤᠮᠠᠯ ᠤᠨ ᠰᠢᠮᠡᠲᠡᠢ ᠪᠠᠶᠢᠭ᠎ᠠ ᠴᠠᠭ ᠲᠣᠬᠢᠶᠠᠯ ᠢ ᠵᠠᠪᠳᠤᠨ ᠬᠡᠳᠦᠨ ᠢᠩᠭᠡ ᠪᠠᠨ ᠰᠠᠭᠠᠵᠤ ᠪᠠᠶᠢᠨ᠎ᠠ᠃ ᠡᠳᠡᠨ ᠤ ᠬᠢ ᠲᠣᠣᠷ ᠰᠦᠯᠵᠢᠶ᠎ᠡ᠂ ᠲᠥᠷᠭᠡᠨ ᠭᠤᠪᠢᠭᠤᠯᠭ᠎ᠠ ᠶᠢ ᠠᠰᠢᠭᠯᠠᠵᠤ ᠬᠦᠬᠡᠬᠤᠲᠠ᠂ ᠪᠣᠭᠤᠲᠤ ᠵᠡᠷᠭᠡ ᠣᠯᠠᠨ ᠭᠠᠵᠠᠷ ᠢᠶᠠᠷ ᠢᠡᠭᠭᠡᠨ ᠤ ᠰᠦ ᠪᠣᠷᠤᠯᠠᠭᠤᠯᠵᠤ᠂ ᠮᠠᠯᠵᠢᠯ ᠤᠨ ᠪᠣᠰᠤ ᠣᠷᠤᠯᠭ᠎ᠠ ᠡᠭᠦᠳᠴᠦ ᠪᠣᠢ᠃ ᠲᠣᠣᠷ ᠰᠦᠯᠵᠢᠶ᠎ᠡ᠂ ᠰᠤᠷᠠᠭ ᠵᠠᠩᠭᠢ ᠶᠢᠨ ᠬᠤᠷᠳᠤᠴᠠ᠂ ᠲᠦᠭᠡᠮᠡᠯᠵᠢᠯᠲᠡ ᠨᠢ ᠤᠷᠢᠳ ᠡᠮᠦᠨ᠎ᠡ ᠪᠠᠶᠢᠭ᠎ᠠ ᠦᠭᠡᠢ ᠬᠦᠭᠵᠢᠯᠲᠡ ᠲᠠᠢ ᠱᠠᠲᠤᠨ ᠳᠤ ᠪᠠᠶᠢᠭ᠎ᠠ ᠶᠤᠮ᠃ ᠡᠨᠡ ᠬᠦ ᠠᠰᠢᠭᠲᠠᠢ ᠲᠣᠬᠢᠶᠠᠯ ᠢ ᠠᠰᠢᠭᠯᠠᠵᠤ ᠴᠢᠳᠠᠬᠤ ᠶᠤᠮ ᠪᠣᠯ ᠨᠡᠩ ᠬᠤᠯᠠ ᠨᠡᠩ ᠥᠷᠭᠡᠨ ᠬᠡᠪᠴᠢᠶᠡᠨ ᠤ ᠪᠣᠷᠤᠯᠠᠭᠤᠯᠭ᠎ᠠ ᠶᠢᠨ ᠣᠷᠣᠨ ᠵᠠᠢ ᠪᠢᠳᠡ ᠪᠦᠬᠦᠨ ᠲᠠᠢ ᠣᠶᠢᠷᠠᠬᠠᠨ ᠪᠠᠶᠢᠭ᠎ᠠ ᠨᠢ ᠯᠠᠪᠳᠠᠢ᠃ ᠡᠨᠡ ᠳᠣᠮᠳᠠ ᠰᠢᠨ᠎ᠡ ᠮᠡᠷᠭᠡᠵᠢᠯ ᠢ ᠪᠣᠰᠤᠳ ᠠᠴᠠ ᠲᠥᠷᠭᠡᠨ ᠡᠵᠡᠮᠰᠢᠵᠤ ᠴᠢᠳᠠᠳᠠᠭ᠂ ᠠᠵᠠ ᠲᠣᠬᠢᠶᠠᠯ ᠢ ᠠᠯᠳᠠᠯ ᠦᠭᠡᠢ ᠤᠬᠠᠭᠠᠯᠢᠭ ᠢᠶᠠᠷ ᠡᠵᠡᠮᠳᠡᠵᠦ ᠴᠢᠳᠠᠳᠠᠭ ᠬᠦᠮᠦᠰ ᠤᠨ ᠪᠣᠷᠤᠯᠠᠭᠤᠯᠭ᠎ᠠ ᠶᠢᠨ ᠣᠷᠣᠨ ᠵᠠᠢ ᠨᠢ ᠨᠡᠩ ᠥᠷᠭᠡᠨ ᠬᠡᠪᠴᠢᠶᠡᠨ ᠳᠤ ᠪᠠᠶᠢᠵᠤ᠂ ᠬᠠᠭᠤᠴᠢᠨ ᠤᠯᠠᠮᠵᠢᠯᠠᠯᠳᠦ ᠪᠣᠳᠣᠯ ᠳᠤ ᠪᠠᠨ ᠬᠦᠯᠢᠶᠡᠰᠦᠯᠡᠭᠳᠡᠳᠡᠭ ᠬᠦᠮᠦᠰ ᠯᠠ ᠣᠷᠤᠯᠭ᠎ᠠ ᠪᠠᠨ ᠨᠡᠮᠡᠭᠳᠡᠭᠦᠯᠬᠦ ᠵᠠᠮ ᠢᠶᠠᠨ ᠣᠯᠬᠤ ᠦᠭᠡᠢ ᠮᠣᠩᠭᠠᠨᠢᠵᠤ ᠪᠠᠶᠢᠳᠠᠭ᠃ ᠡᠭᠦᠨ ᠤ ᠵᠦᠷᠢᠶ᠎ᠡ ᠨᠢ ᠬᠠᠮᠢᠭ᠎ᠠ ᠨᠢ ᠪᠠᠶᠢᠬᠤ ᠪᠣᠢ ᠭᠡᠪᠡᠯ ᠪᠣᠳᠣᠯ ᠬᠦᠷᠦᠭᠰᠡᠨ ᠡᠰᠡᠬᠦ ᠳᠤ ᠯᠠ ᠪᠠᠶᠢᠳᠠᠭ᠃     ᠪᠣᠳᠣᠯ ᠬᠦᠷᠦᠭᠰᠡᠨ ᠭᠠᠵᠠᠷ ᠪᠣᠷᠤᠯᠠᠭᠤᠯᠭ᠎ᠠ ᠶᠢᠨ ᠣᠷᠣᠨ ᠵᠠᠢ ᠥᠷᠭᠡᠨ ᠶᠤᠮ᠃ ᠤᠯᠤᠰ ᠠᠴᠠ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠤᠯᠭ᠎ᠠ ᠶᠢ ᠳᠤᠷᠠᠳᠤᠭᠰᠠᠨ ᠨᠢ ᠬᠦᠳᠡᠭᠡ ᠣᠷᠣᠨ ᠨᠤᠲᠤᠭ ᠲᠤ ᠲᠦᠢᠯ ᠤᠨ ᠶᠡᠭᠡ ᠬᠦᠭᠵᠢᠯᠲᠡ ᠶᠢᠨ ᠪᠣᠯᠤᠮᠵᠢ ᠶᠢ ᠠᠪᠴᠢᠷᠠᠵᠤ ᠪᠠᠶᠢᠭ᠎ᠠ ᠬᠡᠷᠡᠭ ᠪᠢᠯᠡ᠃ ᠤᠴᠢᠷ ᠨᠢ ᠬᠦᠳᠡᠭᠡ ᠨᠤᠲᠤᠭ᠂ ᠮᠠᠯᠵᠢᠬᠤ ᠣᠷᠣᠨ ᠪᠣᠯ ᠲᠦᠢᠯ ᠤᠨ ᠶᠡᠭᠡ ᠬᠦᠭᠵᠢᠯᠲᠡ ᠶᠢᠨ ᠨᠦᠬᠡᠴᠡ ᠬᠦᠴᠦᠨ ᠲᠠᠢ ᠭᠠᠵᠠᠷ ᠪᠠᠶᠢᠭ᠎ᠠ ᠶᠤᠮ᠃ ᠡᠭᠦᠨ ᠢ ᠰᠣᠶᠣᠯ ᠮᠡᠳᠡᠯᠭᠡ ᠲᠠᠢ᠂ ᠪᠦᠲᠦᠭᠡᠯᠴᠢ᠂ ᠪᠣᠳᠣᠯ ᠰᠡᠳᠭᠢᠬᠦᠢ ᠲᠠᠢ ᠰᠠᠶᠢᠨ ᠮᠠᠯᠴᠢᠨ ᠤ ᠡᠩᠨᠡᠭᠡ ᠯᠠ ᠪᠦᠲᠦᠭᠡᠨ ᠪᠠᠶᠢᠭᠤᠯᠵᠤ ᠴᠢᠳᠠᠨ᠎ᠠ᠃ ᠠᠮᠢᠳᠤᠷᠠᠯ ᠳᠣᠮᠳᠠ ᠪᠠᠨ ᠪᠢ ᠢᠩᠭᠢᠴᠢᠬᠡᠶ᠎ᠡ ᠲᠡᠭᠡᠴᠢᠬᠡᠶ᠎ᠡ ᠭᠡᠳᠡᠭ ᠪᠣᠳᠣᠯ ᠢ ᠮᠠᠰᠢ ᠬᠦᠨᠳᠦᠳᠭᠡᠬᠦ ᠤᠴᠢᠷᠲᠠᠢ᠂ ᠲᠡᠶᠢᠮᠦᠷᠭᠦᠦ ᠪᠣᠳᠣᠯ ᠬᠦᠷᠦᠭᠰᠡᠨ ᠭᠠᠵᠠᠷ ᠲᠤ ᠠᠰᠢᠭᠯᠠᠵᠤ ᠪᠣᠯᠬᠤ ᠣᠷᠣᠨ ᠵᠠᠢ ᠶᠡᠭᠡ ᠪᠠᠶᠢᠳᠠᠭ ᠶᠤᠮ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号