ᠠᠴᠢ ᠬᠠᠶᠢᠷ᠎ᠠ ᠶᠢᠨ ᠤᠯᠠᠮᠵᠢᠯᠠᠯ
ᠨᠡᠶᠢᠲᠡᠯᠡᠭᠰᠡᠨ ᠴᠠᠭ᠄
2021/8/25
    ᠦᠷᠭᠡᠨ ᠠᠭᠤᠳᠠᠮ ᠲᠠᠯ᠎ᠠ ᠨᠤᠳᠤᠭ ᠮᠡᠷᠭᠡᠨᠴᠡᠴᠡᠭ ᠢ ᠡᠭᠡᠯ ᠪᠤᠷᠤᠭᠵᠢᠭᠤᠨ᠂ ᠪᠠᠶᠠᠷᠯᠠᠩᠭᠤᠢ᠂ ᠤᠶᠠᠨ ᠬᠠᠳᠠᠨ ᠵᠠᠩ ᠴᠢᠨᠠᠷ ᠲᠠᠢ ᠪᠤᠯᠭᠠᠵᠠᠢ᠃ ᠡᠨᠡ ᠵᠢᠯ 63 ᠨᠠᠰᠤᠳᠠᠢ ᠮᠡᠷᠭᠡᠨᠴᠡᠴᠡᠭ ᠦᠪᠡᠷ ᠤᠨ ᠦᠩᠭᠡᠷᠡᠯᠳᠠ ᠪᠠᠨ ᠡᠷᠬᠢᠴᠡᠬᠦᠯᠬᠦ ᠳᠤ᠂ ᠲᠡᠳᠡᠭᠡᠷ ᠲᠤᠳᠤᠨᠤ ᠬᠦᠮᠦᠨ ᠪᠠ ᠡᠨᠡ ᠬᠦ ᠬᠠᠯᠠᠭᠤᠨ ᠬᠦᠷᠦᠰᠤᠨ ᠳᠠᠬᠢ ᠬᠠᠶᠢᠷ᠎ᠠ ᠰᠡᠳᠬᠢᠯᠭᠡ ᠨᠢ ᠦᠭᠡ ᠭᠡᠯᠡ ᠪᠠᠷ ᠢᠯᠡᠳᠭᠡᠵᠤ ᠲᠠᠶᠢᠯᠦᠰᠢ ᠦᠭᠡᠢ ᠪᠠᠶᠢᠯ᠎ᠠ᠃     1961 ᠤᠨ ᠤ 9 ᠰᠠᠷ᠎ᠠ ᠶᠢᠨ 1 ᠤ ᠡᠳᠦᠷ᠂ ︽ᠤᠯᠤᠰ ᠤᠨ ᠭᠡᠤᠭᠡᠳ︾ ᠮᠡᠷᠭᠡᠨᠴᠡᠴᠡᠭ ᠢ ᠠᠪᠠᠭ᠎ᠠ ᠬᠤᠰᠢᠭᠤᠨ ᠤ ᠴᠠᠭᠠᠨᠨᠠᠭᠤᠷ ᠰᠤᠮᠤ ᠶᠢᠨ ᠤᠯᠠᠭᠠᠨᠳᠤᠭ ᠭᠠᠴᠠᠭᠠᠨ ᠤ ᠮᠠᠯᠴᠢᠨ ᠳ᠋ᠠᠷᠢᠰᠦ᠋ᠷᠦᠩ ᠪᠤᠯᠤᠨ ᠰᠠᠮᠫᠢᠯ ᠠᠪᠠᠭ᠎ᠠ ᠬᠤᠰᠢᠭᠤᠨ ᠤ ᠡᠮᠨᠡᠯᠭᠡ ᠶᠢᠨ ᠬᠤᠷᠢᠶᠠᠨ ᠠᠴᠠ ᠡᠯᠢᠭᠡᠨ ᠳᠤ ᠪᠠᠨ ᠳᠡᠪᠡᠷᠢᠨ ᠭᠡᠷ ᠲᠤ ᠪᠠᠨ ᠠᠪᠠᠴᠢᠵᠤ ᠦᠰᠭᠡᠯ᠎ᠡ᠃ ᠲᠤᠬᠠᠢ ᠶᠢᠨ ᠦᠶ᠎ᠠ ᠶᠢᠨ ᠲᠠᠩᠰᠠ ᠡᠪᠭᠡᠮᠡᠯ ᠳᠤ ᠲᠡᠮᠳᠡᠭᠯᠡᠭᠰᠡᠨ ᠢᠶᠠᠷ ᠲᠡᠷᠡ 3 ᠨᠠᠰᠤ ᠲᠠᠢ᠂ ᠨᠢᠭᠤᠷ ᠪᠠ ᠪᠠᠶ᠎ᠠ ᠲᠡᠭᠡᠷ᠎ᠠ ᠨᠢ ᠢᠯᠡᠷᠭᠡᠢ ᠰᠤᠷᠪᠢ ᠲᠠᠢ ᠪᠦᠭᠡᠳ ᠴᠢᠷᠠᠢ ᠨᠢ ᠪᠤᠰᠤᠳ ᠭᠡᠤᠭᠡᠳ ᠠᠴᠠ ᠬᠠᠷ᠎ᠠ ᠪᠠᠶᠢᠵᠤ᠂ ᠤᠨᠴᠠᠭᠠᠢ ᠬᠠᠷᠠᠬᠳᠠᠵᠦ ᠪᠠᠶᠢᠯ᠎ᠠ᠃ ᠭᠡᠪᠡᠴᠤ ᠡᠷᠭᠦᠭᠰᠡᠨ ᠡᠵᠢ ᠨᠢ ᠲᠡᠬᠦᠨ ᠢ ᠮᠠᠰᠢ ᠬᠠᠶᠢᠷᠠᠯᠠᠨ᠂ ᠬᠠᠮᠢᠭ᠎ᠠ ᠶᠠᠪᠤᠪᠠᠴᠤ ᠪᠡᠶ᠎ᠠ ᠠᠴᠠ ᠪᠠᠨ ᠲᠦᠭᠡ ᠰᠠᠯᠭᠠᠯ ᠦᠭᠡᠢ ᠲᠠᠭᠠᠭᠤᠯᠵᠤ᠂ ᠬᠠᠭᠠᠰ ᠵᠢᠯ ᠤᠨ ᠲᠠᠷᠠᠭ᠎ᠠ᠂ ᠡᠵᠢ ᠠᠪᠤ ᠶᠢᠨ ᠬᠠᠶᠢᠷ᠎ᠠ ᠬᠠᠯᠠᠮᠵᠢᠯᠠᠯ ᠲᠤᠤᠷ᠎ᠠ ᠮᠡᠷᠭᠡᠨᠴᠡᠴᠡᠭ ᠤᠨ ᠪᠠᠶ᠎ᠠ ᠮᠠᠬᠠᠪᠤᠳ ᠨᠢ ᠴᠢᠬᠢᠷᠠᠭᠵᠢᠵᠤ᠂ ᠬᠤᠶᠠᠷ ᠮᠦᠢᠯ ᠬᠠᠷ᠎ᠠ ᠨᠢᠳᠤ ᠨᠢ ᠭᠡᠷᠡᠯ ᠭᠡᠭᠡ ᠲᠠᠢ ᠪᠤᠯᠵᠠᠢ᠃ ᠮᠡᠷᠭᠡᠨᠴᠡᠴᠡᠭ ᠠᠩᠬ᠎ᠠ ᠤᠳᠠᠭ᠎ᠠ ᠭᠡᠯᠡ ᠳᠤ ᠤᠷᠤᠵᠤ ᠡᠵᠢ ᠡ᠂ ᠠᠪᠤ ᠡ ᠭᠡᠵᠤ ᠲᠠᠭᠤᠳᠠᠬᠤ ᠳᠤ ᠡᠵᠢ ᠠᠪᠤ ᠨᠢ ᠪᠠᠶᠠᠷᠯᠠᠭᠠᠳ ᠦᠵᠡᠭᠰᠡᠨ ᠬᠦᠮᠤᠨ ᠪᠤᠯᠭᠠᠨ ᠳᠤ ᠶᠠᠷᠢᠳᠠᠭ ᠪᠠᠶᠢᠵᠠᠢ᠃ ᠮᠡᠷᠭᠡᠨᠴᠡᠴᠡᠭ 5 ᠨᠠᠰᠤᠳᠠᠢ ᠪᠠᠶᠢᠬᠤ ᠳᠤ ᠡᠵᠢ ᠠᠪᠤ ᠨᠢ ᠤᠷᠤᠭ ᠰᠠᠯᠵᠤ᠂ ᠳᠡᠷᠡ ᠠᠪᠤ ᠰᠠᠮᠫᠢᠯ ᠢᠶᠠᠨ ᠲᠠᠭᠠᠵᠤ ᠠᠮᠢᠳᠤᠷᠠᠵᠠᠢ᠃ ᠠᠪᠤ ᠨᠢ ᠦᠢᠷ᠎ᠠ ᠬᠠᠪᠢ ᠳᠤ ᠪᠠᠨ ᠤᠷᠳᠤ ᠶᠢᠨ ᠲᠠᠭᠤᠤ ᠰᠠᠶᠢᠬᠠᠨ ᠲᠠᠭᠤᠯᠠᠳᠠᠭ ᠠᠯᠳᠠᠷ ᠲᠠᠢ᠂ ᠮᠡᠷᠭᠡᠨᠴᠡᠴᠡᠭ ᠡᠵᠢ ᠪᠠᠨ ᠰᠠᠨᠠᠵᠤ ᠭᠤᠨᠢᠵᠤ ᠭᠤᠳᠤᠷᠠᠭᠰᠠᠨ ᠦᠶ᠎ᠠ ᠳᠤ ᠠᠪᠤ ᠨᠢ ᠤᠷᠳᠤ ᠶᠢᠨ ᠲᠠᠭᠤᠤ ᠲᠠᠭᠤᠯᠠᠵᠤ ᠦᠭᠬᠦᠨ ᠠᠷᠭᠠᠳᠠᠳᠠᠭ ᠪᠠᠶᠢᠯ᠎ᠠ᠃ ᠮᠡᠷᠭᠡᠨᠴᠡᠴᠡᠭ 6 ᠨᠠᠰᠤᠳᠠᠢ ᠳᠤ ᠪᠠᠨ ᠰᠤᠷᠭᠠᠭᠤᠯᠢ ᠳᠤ ᠰᠠᠭᠤᠵᠤ᠂ ᠠᠪᠤ ᠨᠢ ᠲᠡᠬᠦᠨ ᠳᠤ ᠮᠤᠷᠢ ᠤᠨᠤᠬᠤ ᠶᠢ ᠵᠢᠭᠠᠵᠤ ᠦᠭᠬᠦᠨ᠂ ᠪᠠᠰᠠ ᠨᠢᠭᠡ ᠲᠤᠰᠬᠠᠢ ᠮᠦᠩᠬᠦᠨ ᠡᠮᠡᠭᠡᠯ ᠬᠢᠵᠤ ᠦᠭᠴᠠᠢ᠂ ᠲᠡᠬᠦᠨ ᠠᠴᠠ ᠬᠤᠶᠢᠰᠢ ᠠᠪᠤ ᠭᠡᠤᠭᠡᠨ ᠬᠤᠶᠠᠭᠤᠯᠠ ᠲᠠᠯ᠎ᠠ ᠨᠤᠳᠤᠭ ᠲᠡᠭᠡᠷ᠎ᠠ ᠮᠤᠷᠢ ᠲᠠᠢ ᠲᠡᠪᠬᠢᠵᠤ᠂ ᠪᠡᠶᠡᠷ ᠬᠦᠷ ᠲᠠᠢ ᠠᠮᠢᠳᠤᠷᠠᠵᠤ ᠪᠠᠶᠢᠯ᠎ᠠ᠃ ᠭᠡᠪᠡᠴᠦ ᠵᠢᠷᠭᠠᠯᠳᠦ ᠠᠮᠢᠳᠤᠷᠠᠯ ᠨᠢ ᠳᠡᠮᠡᠢ ᠤᠳᠠᠬᠰᠠᠨ ᠦᠭᠡᠢ᠂ ᠮᠡᠷᠭᠡᠨᠴᠡᠴᠡᠭ 9 ᠨᠠᠰᠤᠳᠠᠢ ᠪᠠᠶᠢᠬᠤ ᠳᠤ ᠠᠪᠤ ᠨᠢ ᠡᠪᠡᠳᠴᠢᠨ ᠢᠶᠠᠷ ᠨᠠᠰᠤ ᠪᠠᠷᠠᠵᠠᠢ᠃ ᠳᠡᠷᠡ ᠲᠦᠢᠯ ᠢᠶᠠᠷ ᠡᠮᠭᠡᠨᠢᠨ ᠵᠤᠪᠠᠵᠤ ᠪᠠᠶᠢᠬᠤ ᠳᠤ ᠡᠵᠢ ᠳ᠋ᠠᠷᠢᠰᠦ᠋ᠷᠦᠩ ᠨᠢ ᠲᠡᠬᠦᠨ ᠢ ᠲᠡᠬᠢᠨ ᠭᠡᠷ ᠲᠤ ᠪᠠᠨ ᠠᠪᠠᠴᠢᠵᠤ᠂ ᠲᠡᠬᠦᠨ ᠳᠤ ᠨᠢᠭᠡᠨ ᠪᠦᠷᠢᠨ ᠪᠦᠲᠦᠨ ᠲᠤᠯᠠᠭᠠᠨ ᠪᠦᠯᠢᠶᠠᠨ ᠭᠡᠷ ᠲᠠᠢ ᠪᠤᠯᠭᠠᠯ᠎ᠠ᠃ 12 ᠨᠠᠰᠤᠳᠠᠢ ᠮᠡᠷᠭᠡᠨᠴᠡᠴᠡᠭ ᠪᠠᠭ᠎ᠠ ᠰᠤᠷᠭᠠᠭᠤᠯᠢ ᠠᠴᠠ ᠪᠠᠨ ᠲᠠᠬᠦᠰᠴᠤ᠂ ᠡᠵᠢ ᠨᠢ ᠲᠡᠬᠦᠨ ᠢ ᠦᠷᠬᠦᠯᠵᠢᠯᠠᠨ ᠪᠢᠴᠢᠭ ᠰᠤᠶᠤᠯ ᠤᠨ ᠮᠦᠷ ᠢ ᠭᠦᠭᠡᠭᠡᠬᠦ ᠶᠢ ᠬᠦᠰᠡᠭᠰᠡᠨ ᠳᠤ ᠲᠡᠷᠡ ᠦᠪᠡᠷ ᠢᠶᠠᠨ ᠲᠤᠷ᠎ᠠ ᠦᠭᠡᠢ ᠭᠡᠷ ᠲᠤ ᠪᠠᠨ ᠬᠠᠷᠢᠵᠤ ᠢᠷᠡᠯ᠎ᠡ᠃ 14 ᠨᠠᠰᠤᠳᠠᠢ ᠳᠤ ᠪᠠᠨ᠂ ᠮᠡᠷᠭᠡᠨᠴᠡᠴᠡᠭ ᠪᠠᠷᠢᠭᠠᠳᠠ ᠶᠢᠨ ᠡᠪᠯᠡᠯ ᠤᠨ ᠡᠬᠦᠷ ᠲᠤ ᠤᠷᠤᠵᠤ᠂ ᠭᠠᠪᠰᠢᠭᠠᠢᠢᠯᠠᠨ ᠠᠵᠢᠯᠯᠠᠳᠠᠭ ᠢᠶᠠᠷ ᠢᠶᠠᠨ ᠤᠳᠠᠯ ᠦᠭᠡᠢ ᠡᠪᠯᠡᠯ ᠤᠨ ᠡᠬᠦᠷ ᠤᠨ ᠱᠦᠵᠢ ᠪᠠ ᠡᠮᠡᠭᠲᠡᠶᠢᠴᠤᠳ ᠤᠨ ᠬᠤᠯᠪᠤᠭᠠᠳᠤ ᠬᠤᠷᠠᠯ ᠤᠨ ᠡᠷᠬᠢᠯᠡᠭᠴᠢ ᠪᠠᠷ ᠰᠤᠩᠭᠤᠭᠳᠠᠵᠠᠢ᠃ ᠲᠡᠷᠡ ᠪᠠᠰᠠ ᠡᠷᠦᠭᠡ ᠶᠢᠨ ᠴᠡᠷᠢᠭ ᠲᠤ ᠤᠷᠤᠵᠤ᠂ ᠡᠷᠦᠭᠡ ᠶᠢᠨ ᠴᠡᠷᠢᠭ ᠤᠨ ᠳᠡᠳ᠋ ᠠᠩᠬᠢ ᠶᠢᠨ ᠲᠠᠷᠤᠭ᠎ᠠ ᠪᠤᠯᠵᠠᠢ᠃ ᠮᠡᠷᠭᠡᠨᠴᠡᠴᠡᠭ 6 ᠵᠢᠯ ᠲᠠᠷᠠᠭᠠᠯᠠᠨ ᠪᠠᠷᠢᠭᠠᠳᠠ ᠶᠢᠨ ᠡᠪᠯᠡᠯ ᠤᠨ ᠡᠬᠦᠷ ᠤᠨ ᠱᠦᠵᠢ ᠶᠢᠨ ᠲᠤᠰᠢᠶᠠᠯ ᠢ ᠡᠬᠦᠷᠭᠡᠯᠡᠵᠤ᠂ ᠡᠨᠡ ᠬᠦ ᠬᠤᠭᠤᠴᠠᠭᠠᠨ ᠳᠤ ᠪᠦᠬᠦ ᠬᠤᠰᠢᠭᠤᠨ ᠪ᠊ ︽3 · 8︾ ᠶᠢᠨ ᠤᠯᠠᠭᠠᠨ ᠲᠤᠭᠴᠢ ᠶᠢᠨ ᠢᠷᠡᠭᠤ ᠠᠯᠳᠠᠷ ᠢ 3 ᠤᠳᠠᠭ᠎ᠠ᠂ ᠬᠦᠳᠡᠯᠮᠦᠷᠢ ᠶᠢᠨ ᠵᠢᠱᠢᠶᠠᠴᠢ ᠶᠢᠨ ᠢᠷᠠᠭᠤ ᠠᠯᠳᠠᠷ ᠢ 2 ᠤᠳᠠᠭ᠎ᠠ ᠬᠦᠷᠲᠡᠵᠤ᠂ ᠪᠠᠷᠢᠭᠠᠳᠠ ᠶᠢᠨ ᠬᠠᠮᠤᠭ ᠤᠨ ᠵᠠᠯᠠᠭᠤ ᠬᠦᠳᠡᠯᠮᠦᠷᠢ ᠶᠢᠨ ᠵᠢᠱᠢᠶᠠᠴᠢ ᠪᠤᠯᠵᠠᠢ᠃ 22 ᠨᠠᠰᠤᠳᠠᠢ ᠳᠤ ᠪᠠᠨ ᠮᠡᠷᠭᠡᠨᠴᠡᠴᠡᠭ ᠠᠶᠢᠯ ᠭᠡᠷ ᠪᠤᠯᠵᠤ᠂ ᠰᠢᠯᠢ ᠶᠢᠨ ᠬᠤᠳᠠ ᠳᠤ ᠢᠷᠡᠵᠤ ᠠᠮᠢᠳᠤᠷᠠᠨ᠂ ᠭᠤᠷᠪᠠᠨ ᠭᠡᠤᠭᠡᠳ ᠲᠠᠢ ᠪᠤᠯᠵᠠᠢ᠃ ᠲᠡᠷᠡ ᠡᠵᠢ ᠪᠠ ᠬᠤᠶᠢᠳᠤ ᠠᠪᠤ ᠪᠠᠨ ᠪᠠᠰᠠ ᠬᠤᠳᠠ ᠳᠤ ᠲᠤᠰᠴᠤ ᠠᠪᠴᠢᠷᠠᠨ ᠨᠠᠰᠤ ᠪᠠᠷᠠᠳᠠᠯ᠎ᠠ ᠨᠢ ᠬᠠᠷᠠᠵᠤ ᠬᠠᠷᠠᠭᠠᠯᠵᠠᠭᠰᠠᠨ ᠶᠤᠮ᠃ ᠮᠡᠷᠭᠡᠨᠴᠡᠴᠡᠭ᠄ ︽ᠡᠵᠢ ᠠᠪᠤ ᠶᠢᠨ ᠨᠠᠳᠠ ᠳᠤ ᠦᠭᠬᠦᠭᠰᠡᠨ ᠲᠡᠲᠡᠭᠡᠷ ᠰᠠᠶᠢᠨ ᠰᠠᠶᠢᠬᠠᠨ ᠲᠤᠷᠠᠳᠬᠠᠯ ᠮᠢᠨᠤ ᠰᠡᠳᠬᠢᠯ ᠳᠤ ᠮᠦᠩᠭᠡ ᠬᠠᠳᠠᠩᠰᠢᠬᠰᠠᠨ ᠶᠤᠮ᠂ ᠪᠢ ᠲᠡᠲᠡᠨ ᠤ ᠭᠡᠤᠭᠡᠨ ᠪᠤᠯᠤᠭᠰᠠᠨ ᠳᠤ ᠪᠠᠨ ᠤᠮᠤᠭᠰᠢᠳᠠᠭ︾ ᠭᠡᠵᠤ ᠶᠠᠷᠢᠵᠤ ᠪᠠᠶᠢᠯ᠎ᠠ᠃     5 ᠵᠢᠯ ᠤᠨ ᠡᠮᠦᠨ᠎ᠡ᠂ ᠮᠡᠷᠭᠡᠨᠴᠡᠴᠡᠭ ᠨᠢᠭᠡᠨ ᠸᠢᠴᠠᠲ ᠤᠨ ᠬᠤᠯᠪᠤᠭ᠎ᠠ ᠪᠠᠶᠢᠭᠤᠯᠵᠤ᠂ ᠰᠢᠯᠢ ᠶᠢᠨ ᠭᠤᠤᠯ ᠤᠷᠤᠨ ᠤ ︽ᠤᠯᠤᠰ ᠤᠨ ᠭᠡᠤᠭᠡᠳ︾ ᠢ ᠴᠤᠭᠯᠠᠭᠤᠯᠵᠤ᠂ ᠤᠯᠠᠨ ᠤᠳᠠᠭ᠎ᠠ ᠬᠦᠴᠢᠷᠲᠠᠯ ᠲᠠᠢ ᠤᠯᠠᠨ ᠲᠦᠮᠡᠨ ᠢ ᠬᠠᠪᠰᠤᠷᠤᠨ ᠲᠡᠳᠬᠦᠬᠦ ᠠᠵᠢᠯᠯᠠᠭ᠎ᠠ ᠦᠷᠨᠢᠬᠦᠯᠵᠤ᠂ ᠡᠭᠡ ᠤᠯᠤᠰ ᠪᠠ ᠲᠠᠯ᠎ᠠ ᠨᠤᠳᠤᠭ ᠤᠨ ᠢᠶᠠᠨ ᠠᠴᠢ ᠬᠠᠶᠢᠷ᠎ᠠ ᠶᠢ ᠨᠡᠩ ᠤᠯᠠᠨ ᠬᠦᠮᠦᠰ ᠲᠤ ᠲᠠᠮᠵᠢᠭᠤᠯᠤᠨ ᠤᠯᠠᠮᠵᠢᠯᠠᠬᠤ ᠶᠢ ᠬᠦᠰᠡᠵᠦ ᠵᠤᠷᠢᠵᠠᠢ᠃ ᠮᠡᠷᠭᠡᠨᠴᠡᠴᠡᠭ ᠭᠡᠤᠭᠡᠳ ᠤᠳ ᠲᠤ ᠪᠠᠨ ᠦᠷᠭᠦᠯᠵᠢ᠂ ᠨᠠᠮ ᠪᠠ ᠤᠯᠤᠰ ᠤᠨ ᠠᠴᠢ ᠶᠢ ᠦᠨᠢ ᠡᠬᠦᠷᠢᠲᠡ ᠮᠠᠷᠳᠠᠵᠤ ᠪᠤᠯᠬᠤ ᠦᠭᠡᠢ᠂ ᠡᠨᠡ ᠬᠦ ᠬᠠᠶᠢᠷ᠎ᠠ ᠶᠢ ᠦᠨᠢ ᠡᠬᠦᠷᠢᠲᠡ ᠤᠯᠠᠮᠵᠢᠯᠠᠬᠤ ᠭᠡᠷᠡᠭᠲᠡᠢ ᠭᠡᠵᠤ ᠵᠠᠬᠢᠵᠤ ᠶᠠᠪᠤᠳᠠᠭ ᠪᠠᠶᠢᠨ᠎ᠠ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号