ᠨᠠᠷᠠ ᠬᠤᠷ᠎ᠠ ᠲᠡᠭᠰᠢᠬᠡᠨ ᠢᠪᠡᠭᠡᠵᠦ ᠨᠤᠮᠢᠨ ᠲᠠᠯ᠎ᠠ ᠡᠩ ᠳᠡᠭᠡᠨ ᠴᠡᠯᠡᠭᠡᠷᠡᠵᠦ ᠮᠠᠯ ᠰᠥᠷᠥᠭ ᠤᠨ ᠵᠤ | ᠪᠥᠮᠪᠤᠶᠢᠵᠦ ᠮᠠᠯᠴᠢᠨ ᠲᠥᠮᠡᠨ ᠤ ᠮᠠᠩᠨᠠᠢ ᠲᠡᠨᠢᠢᠭᠰᠡᠨ ᠲᠡᠯᠭᠡᠷ ᠤᠯᠠᠷᠢᠯ ᠢᠶᠠᠷ ᠥᠵᠥᠮᠥᠴᠢᠨ ᠨᠤᠳᠤᠭ ᠤᠨ ᠮᠠᠯᠴᠢᠨ | ᠲᠥᠮᠡᠨ ᠡᠳᠣᠷ ᠲᠣᠳᠣᠮ ᠤᠨ ᠠᠵᠢᠯ ᠥᠢᠯᠡᠰ ᠲᠡᠭᠡᠨ ᠶᠠᠭᠠᠷᠠᠯᠳᠤᠵᠠᠭᠠᠨ᠎ᠠ᠃ ᠪᠤᠭᠤᠷᠤᠯ ᠤᠨ ᠰᠢᠳᠥᠭᠡᠨᠳᠤ ᠪᠠᠶᠠᠨ | ᠬᠤᠰᠢᠭᠤ ᠤᠪᠤᠭᠠᠨ ᠤ ᠪᠠᠨ ᠰᠥᠷᠯᠢᠭ ᠪᠠᠷ᠎ᠠ ᠶᠢ ᠬᠠᠷᠠᠵᠦ ᠪᠤᠯᠤᠷ ᠲᠤᠯᠬᠢᠶᠠᠨᠳᠤ ᠪᠠᠯᠭᠠᠷᠭᠤᠤᠯ ᠤᠨ ᠵᠡᠭᠦᠨ ᠲᠡᠨᠵᠢᠨ ᠤ | ᠥᠯᠵᠡᠶᠢᠳᠤ ᠪᠠᠭᠤᠴᠠᠠ ᠳᠤ ᠲᠥᠪᠬᠢᠨᠡᠭᠦᠬᠡᠨ ᠰᠠᠭᠤᠷᠢᠰᠢᠭᠰᠠᠨ ᠡᠨᠡ ᠠᠶᠢᠯ ᠪᠤᠯ ᠪᠠᠷᠠᠭᠤᠨ ᠥᠵᠥᠮᠥᠴᠢᠨ | ᠬᠤᠰᠢᠭᠤᠨ ᠤ ᠪᠠᠶᠠᠠᠬᠤᠰᠢᠭᠤ ᠰᠤᠮᠤᠨ ᠤ ᠪᠠᠶᠠᠨᠴᠠᠭᠠᠨ ᠭᠠᠴᠠᠭᠠᠨ ᠤ ᠨᠠᠮ ᠤᠨ ᠭᠡᠰᠢᠭᠦᠨ ᠭᠤᠤᠯᠳᠠᠯᠭᠠᠳᠤ ᠡᠷᠤᠬᠡ | ᠠ᠊ · ᠲᠥᠮᠡᠡᠨᠠᠰᠤᠳᠤ ᠶᠢᠨ ᠬᠢ ᠪᠤᠯᠤᠨ᠎ᠠ᠃ | ᠬᠠᠳᠠᠭᠤᠬᠠᠨ ᠠᠮᠢᠳᠤᠷᠠᠯ ᠤᠨ ᠬᠡᠴᠡᠭᠦᠬᠡᠨ ᠲᠠᠪᠠᠭᠠᠨ ᠳᠤ ᠬᠠᠯᠠ ᠥᠵᠡᠵᠦ ᠬᠠᠰᠢᠷ ᠰᠠᠭᠤᠨ ᠲᠠᠪᠢᠨ ᠨᠠᠰᠤᠠ ᠤ | ᠲᠥᠷᠥᠭᠡ ᠵᠢᠬᠢᠵᠦ ᠶᠠᠪᠤᠭ᠎ᠠ ᠮᠠᠯᠴᠢᠨ ᠠ᠊ · ᠲᠥᠮᠡᠡᠨᠠᠰᠤᠳᠤ ᠭᠤᠸᠠᠢ ᠤᠯᠠᠨ ᠵᠢᠯ ᠤᠨ ᠮᠠᠯᠵᠢᠬᠤ ᠠᠮᠢᠳᠤᠷᠠᠯ ᠤᠨ | ᠶᠠᠪᠤᠴᠠ ᠳᠤ ᠲᠤᠤᠷ ᠬᠥᠷᠢᠶ᠎ᠡ᠂ ᠫᠧᠩ ᠰᠠᠷᠠᠪᠴᠢ᠂ ᠬᠤᠳᠳᠤᠭ ᠤᠰᠤ ᠵᠡᠷᠭᠡ ᠥᠨᠳᠤᠰᠤᠨ ᠪᠥᠳᠥᠭᠡᠨ | ᠪᠠᠶᠢᠭᠤᠯᠤᠯᠳᠠ ᠶᠢ ᠲᠡᠭᠦᠯᠳᠡᠷᠵᠢᠬᠦᠯᠬᠦ ᠶᠢᠨ ᠬᠠᠮᠳᠤ ᠮᠠᠯ ᠪᠡᠯᠴᠢᠭᠡᠷ ᠤᠨ ᠪᠠᠶᠢᠳᠠᠯ ᠢ ᠤᠨᠴᠠ ᠠᠩᠬᠠᠷᠴᠤ᠂ ᠤᠶᠢᠷ᠎ᠠ | ᠬᠠᠪᠢ ᠶᠢᠨ ᠪᠡᠯᠴᠢᠭᠡᠷ ᠢ ᠬᠠᠳᠤᠯᠠᠩ ᠲᠥᠷᠢᠶᠡᠰᠥᠯᠡᠬᠦ᠂ ᠮᠠᠯ ᠰᠥᠷᠥᠭ ᠤᠨ ᠥᠨᠳᠤᠰᠤᠨ ᠪᠥᠳᠥᠴᠡ ᠳᠡᠭᠡᠨ | ᠲᠤᠬᠢᠷᠠᠭᠤᠯᠤᠯᠳᠠ ᠬᠢᠭᠰᠡᠬᠡᠷ ᠢᠷᠡᠵᠡᠢ᠃ ᠪᠠᠰᠠ ᠰᠢᠯᠢᠳᠡᠭ ᠡᠭᠦᠯᠳᠡᠷ ᠤᠨ ᠮᠠᠯ ᠰᠤᠩᠭᠤᠨ ᠮᠠᠯᠵᠢᠵᠦ ᠮᠠᠯ ᠤᠨ ᠢᠶᠠᠨ | ᠲᠤᠭ᠎ᠠ ᠲᠤᠯᠤᠭᠠᠢ ᠶᠢ ᠨᠢ ᠴᠥᠭᠡᠳᠭᠡᠭᠰᠡᠨ ᠢᠶᠠᠷ ᠤᠳᠤ ᠪᠤᠯᠬᠤ ᠳᠤ ᠪᠤᠳᠠ ᠪᠤᠭ ᠮᠠᠯ 300 ᠭᠠᠷᠤᠢ ᠬᠤᠳᠠᠯᠠᠵᠦ᠂ | ᠠᠮᠢ ᠠᠬᠤᠢ᠂ ᠠᠵᠦ ᠠᠬᠤᠢ ᠶᠢᠨ ᠬᠤᠤᠰ ᠠᠰᠢᠭ ᠬᠥᠷᠳᠡᠭᠰᠡᠨ ᠢᠶᠠᠷ ᠨᠢᠳᠤᠨᠤᠨ 28 ᠲᠥᠮᠡᠨ ᠲᠥᠭᠦᠷᠢᠭ ᠤᠨ | ᠥᠷᠳᠡᠭ ᠪᠥᠬᠦᠢ ᠰᠢᠨ᠎ᠠ ᠮᠠᠶ᠋ᠢᠭ ᠤᠨ ᠤᠷᠤᠨ ᠰᠠᠭᠤᠴᠠ ᠪᠠᠷᠢᠵᠦ ᠴᠢᠨᠡᠭᠡᠯᠢᠭ ᠠᠮᠢᠳᠤᠷᠠᠯ ᠢᠶᠠᠨ ᠡᠳ᠋ᠯᠡᠵᠦ ᠶᠠᠪᠤᠨ᠎ᠠ᠃ | ᠨᠢᠭᠡᠨ ᠨᠠᠮ ᠤᠨ ᠭᠡᠰᠢᠭᠦᠨ ᠪᠤᠯᠤᠭᠰᠠᠠ ᠤ ᠬᠤᠪᠢ ᠳᠤ ᠲᠡᠷᠡ ᠪᠠᠷ ︽ᠤᠭ ᠰᠠᠨᠠᠭ᠎ᠠ ᠪᠠᠨ ᠥᠯᠥ ᠮᠡᠷᠳᠡᠨ᠂ | ᠡᠭᠦᠷᠭᠡ ᠬᠠᠷᠢᠭᠤᠴᠠᠯᠭ᠎ᠠ ᠪᠠᠨ ᠪᠡᠳᠤ ᠴᠡᠭᠡᠵᠢᠯᠡᠵᠦ︾ ᠲᠠᠭᠠᠭᠤᠯᠤᠭᠴᠢ ᠶᠢᠨ ᠥᠢᠯᠡᠳᠤᠯ ᠢᠶᠠᠨ ᠬᠥᠢᠴᠡᠳ | ᠪᠠᠳᠠᠷᠠᠭᠤᠯᠤᠨ᠂ ᠨᠠᠮ ᠤᠨ ᠭᠡᠰᠢᠭᠦᠨ ᠭᠤᠤᠯᠳᠠᠯᠭᠠᠳᠤ ᠡᠷᠤᠭᠡ ᠶᠢᠨ ︽ᠲᠠᠪᠤᠨ ᠨᠢᠭᠡ︾ ᠶᠢᠨ ᠠᠵᠢᠯ ᠤᠨ ᠵᠤᠬᠢᠴᠠᠮᠵᠢ | ᠪᠡ ︽ᠨᠢᠭᠡ ᠤᠯᠠᠷᠢᠯ ᠨᠢᠭᠡ ᠭᠤᠤᠯ ᠰᠡᠳᠤᠪᠳᠤ︾ ᠠᠵᠢᠯᠯᠠᠭᠠᠨ ᠤ ᠱᠠᠭᠠᠷᠳᠠᠯᠭ᠎ᠠ ᠶᠤᠰᠤᠭᠠᠷ ᠲᠤᠭᠳᠠᠮᠠᠯ | ᠬᠤᠭᠤᠴᠠᠭ᠎ᠠ ᠲᠠᠢ ᠪᠠᠷ ᠲᠤᠭᠤᠶᠢᠯᠠᠩ ᠤᠨ ᠢᠶᠠᠨ ᠨᠠᠮ ᠤᠨ ᠭᠡᠰᠢᠭᠦᠨ᠂ ᠮᠠᠯᠴᠢᠨ ᠡᠷᠥᠬᠡ ᠪᠠᠨ ᠵᠤᠬᠢᠶᠠᠨ ᠪᠠᠶᠢᠭᠤᠯᠵᠦ᠂ | ᠰᠤᠶᠤᠯ ᠪᠠᠶ᠎ᠠ ᠶᠢᠨ ᠲᠠᠮᠢᠷ ᠤᠨ ᠠᠵᠢᠯᠯᠠᠭ᠎ᠠ ᠥᠷᠨᠢᠭᠦᠯᠭᠦ ᠪᠤᠶᠤ ᠲᠡᠭᠡᠳᠤ ᠱᠠᠳᠤᠨ ᠤ ᠨᠠᠮ ᠤᠨ ᠬᠤᠷᠢᠶ᠎ᠠ ᠵᠠᠰᠠᠭ ᠤᠨ | ᠤᠷᠳᠤᠨ ᠤ ᠰᠢᠢᠳᠪᠤᠷᠢ ᠪᠠᠶᠢᠷᠢᠯᠠᠭᠤᠯᠤᠯᠳᠠ ᠵᠢᠴᠢ ᠲᠥᠷᠥ ᠶᠢᠨ ᠪᠤᠳᠤᠯᠭ᠎ᠠ ᠬᠠᠤᠯᠢ ᠴᠠᠭᠠᠵᠠ ᠲᠥᠷᠢᠮ ᠲᠤᠭᠳᠠᠭᠠᠯ ᠢ | ᠰᠤᠷᠤᠯᠴᠠᠳᠠᠭ᠃ ᠡᠬᠦᠨ ᠤ ᠬᠠᠮᠳᠤ ᠲᠤᠭᠤᠶᠢᠯᠠᠩ ᠤᠨ ᠢᠶᠠᠨ ᠵᠢᠷᠭᠢᠶ᠎ᠠ ᠶᠢᠨ ᠬᠤᠯᠪᠤᠭ᠎ᠠ ᠪᠠᠷ ᠠᠷᠠᠳ ᠲᠤ ᠲᠥᠷᠥ ᠶᠢᠨ | ᠪᠤᠳᠤᠯᠭ᠎ᠠ ᠶᠢ ᠴᠠᠭ ᠲᠤᠬᠠᠢ ᠳᠤᠨᠢ ᠲᠠᠮᠵᠢᠭᠤᠯᠤᠨ ᠮᠠᠯᠴᠢᠨ ᠲᠥᠮᠡᠨ ᠤ ᠤᠨᠤᠯ ᠲᠥᠷᠥ ᠶᠢᠨ ᠪᠤᠳᠤᠯᠭ᠎ᠠ ᠶᠢᠨ | ᠤᠶᠢᠯᠠᠭᠠᠯᠳᠠ ᠲᠠᠨᠢᠯᠳᠠ ᠶᠢ ᠲᠡᠭᠡᠭᠰᠢᠯᠡᠭᠦᠯᠵᠦ᠂ ᠡᠪ ᠬᠠᠮᠳᠤ ᠨᠠᠮ ᠤᠨ ᠬᠡᠰᠢᠭᠦᠨ ᠤ ᠬᠤᠰᠢᠭᠤᠴᠢ ᠵᠢᠱᠢᠶᠡᠴᠢ ᠶᠢᠨ | ᠲᠥᠷᠢ ᠲᠥᠷᠭᠦ ᠶᠢ ᠪᠤᠢ ᠪᠤᠯᠭᠠᠨ᠂ ᠨᠠᠮ ᠪᠠ ᠠᠷᠠᠳ ᠲᠥᠮᠡᠨ ᠤ ᠬᠤᠭᠤᠷᠤᠨᠳᠤᠬᠢ ᠬᠥᠭᠦᠷᠭᠡ ᠬᠤᠯᠪᠤᠭᠠᠰᠤ ᠶᠢᠨ | ᠥᠢᠯᠡᠳᠥᠯ ᠢ ᠬᠥᠢᠴᠡᠳ ᠪᠠᠳᠠᠷᠠᠭᠤᠯᠵᠠᠢ᠃ ᠢᠩᠬᠢᠭᠰᠡᠡ ᠢᠶᠠᠷ ᠠ᠊ · ᠲᠥᠮᠡᠡᠨᠠᠰᠤᠳᠤ ᠪᠠᠶᠠᠨᠬᠤᠰᠢᠭᠤ ᠰᠤᠮᠤᠨ ᠤ | ᠭᠤᠷᠪᠡᠳᠤᠭᠠᠷ ᠤᠳᠠᠭᠠᠨ ᠤ ᠨᠠᠮ ᠤᠨ ᠲᠥᠯᠥᠭᠡᠯᠡᠭᠴᠢ᠂ ᠭᠠᠴᠠᠭᠠᠨ ᠤ ᠤᠳᠤᠷᠢᠳᠬᠤ ᠪᠠᠭ ᠤᠨ ᠪᠦᠷᠢᠯᠳᠦᠬᠦᠠ ᠢᠶᠠᠷ | ᠰᠤᠩᠭᠤᠭᠳᠠᠨ ᠨᠢᠭᠡᠨ ᠠᠬᠠᠮᠠᠳ ᠨᠡᠮ ᠤᠨ ᠬᠡᠰᠢᠬᠦᠨ ᠤ ᠡᠭᠦᠷᠭᠡ ᠬᠠᠷᠢᠭᠤᠴᠠᠯᠭ᠎ᠠ ᠶᠢ ᠰᠠᠶᠢᠳᠤᠷ ᠬᠥᠢᠴᠡᠳᠬᠡᠵᠦ | ᠶᠠᠪᠤᠨ᠎ᠠ᠃ | ᠲᠡᠷᠡ ᠲᠡᠭᠡᠷ᠎ᠡ ᠵᠠᠭᠤᠨ ᠤ ᠶᠡᠷᠡᠭᠡᠳ ᠤᠨ ᠤ ᠲᠤᠮᠳᠠᠴᠢ ᠪᠠᠷ ᠠᠩᠬ᠎ᠠ ᠲᠤᠮᠳᠠᠳᠤ ᠪᠠᠨ ᠲᠡᠭᠦᠰᠴᠥ | ᠬᠥᠳᠡᠭᠡ ᠳᠡᠭᠡᠨ ᠬᠠᠷᠢᠵᠦ ᠮᠠᠯᠴᠢᠨ ᠪᠤᠯᠤᠭᠰᠠᠨ ᠴᠤ ᠠᠵᠢᠯ ᠤᠨ ᠢᠶᠠᠨ ᠴᠢᠯᠥᠭᠡ ᠵᠠᠪ ᠢᠶᠠᠷ ᠰᠤᠨᠢᠨ ᠰᠡᠳᠭᠦᠯ | ᠵᠠᠬᠢᠶᠠᠯᠠᠨ ᠤᠩᠰᠢᠵᠦ ᠬᠠᠷᠠᠭ᠎ᠠ ᠲᠠᠯᠡᠵᠦ ᠮᠡᠳᠡᠯᠭᠡ ᠪᠠᠨ ᠥᠷᠭᠡᠵᠢᠭᠦᠯᠵᠦ ᠪᠠᠶᠢᠭᠰᠠᠨ ᠢᠶᠠᠨ ᠥᠪᠡᠷ ᠢᠶᠠᠨ ᠪᠢᠴᠢᠵᠦ | ᠥᠵᠡᠬᠦ ᠰᠠᠨᠠᠭ᠎ᠠ ᠲᠥᠷᠥᠭᠳᠡᠵᠠᠢ᠃ 1997 ᠤᠨ ᠳᠤ ︽ᠮᠥᠷᠥᠭᠡᠳᠤᠯᠳᠤ ᠠᠪᠤ ᠮᠢᠨᠢ︾ ᠬᠡᠮᠡᠭᠦ ᠠᠩᠬᠠᠨ ᠤ | ᠰᠢᠯᠥᠭ ᠢᠶᠠᠨ ︽ᠰᠢᠯᠢ ᠶᠢᠨ ᠭᠤᠤᠯ ᠤᠨ ᠡᠳᠤᠷ ᠤᠨ ᠰᠤᠨᠢᠨ︾ ᠤ ︽ᠡᠵᠢ ᠨᠠᠭᠤᠷ︾ ᠪᠤᠯᠤᠩ ᠳᠤ | ᠨᠡᠶᠢᠳᠡᠯᠡᠬᠦᠯᠥᠭᠰᠡᠨ ᠠᠴᠠ ᠨᠠᠭᠠᠰᠢ ᠤᠷᠤᠨ ᠠᠶᠢᠮᠠᠭ ᠤᠨ ᠰᠤᠨᠢᠨ ᠰᠡᠳᠭᠦᠯ ᠢᠶᠠᠷ ᠰᠢᠯᠥᠭ ᠨᠠᠶᠢᠷᠠᠭ ᠢᠶᠠᠨ ᠪᠠᠶᠢᠩᠭᠤ | ᠨᠡᠶᠢᠳᠡᠯᠡᠭᠦᠯᠵᠦ ᠪᠠᠶᠢᠭᠰᠠᠨ ᠠᠴᠠ ᠥᠪᠥᠷ ᠮᠤᠩᠭᠤᠯ ᠤᠨ ᠷᠠᠳᠢᠣ᠋ ᠬᠤᠷᠢᠶᠠᠨ ᠤ ︽ᠲᠠᠨ ᠳᠤ ᠥᠢᠯᠡᠴᠢᠯᠡᠬᠦ ᠵᠤᠭᠤᠭ | ᠰᠢᠭᠤᠳ ᠨᠡᠪᠳᠡᠷᠡᠭᠦᠯᠬᠡ︾ ᠶᠢᠨ 10 ᠵᠢᠯ ᠤᠨ ᠤᠢ ᠳᠤ ᠵᠤᠷᠢᠭᠤᠯᠤᠭᠰᠠᠨ ︽ᠰᠤᠯᠤᠩᠭᠠᠨ ᠡᠭᠡᠰᠢᠭ︾᠂ | ᠥᠵᠥᠮᠥᠴᠢᠨ ᠰᠡᠳᠭᠦᠯ ᠤᠨ 35 ᠵᠢᠯ ᠤᠨ ᠤᠢ ᠳᠤ ᠬᠡᠪᠯᠡᠭᠳᠡᠭᠰᠡᠨ ︽ᠥᠨᠢ ᠮᠥᠩᠬᠡ ᠥᠵᠥᠮᠥᠴᠢᠨ︾᠂ ︽ | ᠵᠠᠭᠤᠨ ᠤ ᠭᠠᠨᠵᠤᠭ᠎ᠠ︾᠂ ︽ᠰᠢᠯᠢ ᠶᠢᠨ ᠤᠷᠤᠰᠬᠠᠯ︾ ᠵᠡᠷᠭᠡ ᠨᠤᠮ ᠲᠡᠭᠦᠪᠤᠷᠢ ᠳᠤ ᠡᠬᠡ ᠪᠢᠴᠢᠭ ᠨᠢ ᠰᠢᠯᠢᠭᠳᠡᠨ | ᠲᠡᠭᠦᠪᠤᠷᠢᠯᠡᠭᠳᠡᠵᠤ᠂ 2003 ᠤᠨ ᠳᠤ ︽ᠵᠢᠷᠥᠭᠡᠨ ᠳᠤ ᠬᠤᠨᠤᠭᠰᠢᠭᠰᠠᠨ ᠵᠡᠭᠦᠳᠥ︾ ᠬᠡᠮᠡᠬᠦ ᠢᠷᠠᠭᠤ ᠨᠠᠶᠢᠷᠠᠭ ᠤᠨ | ᠲᠡᠭᠦᠪᠥᠷᠢ ᠪᠠᠨ ᠤᠩᠰᠢᠬᠴᠢ ᠲᠥᠮᠡᠨ ᠳᠡᠭᠡᠨ ᠡᠷᠭᠦᠨ ᠲᠤᠯᠢᠯᠠᠭᠤᠯᠵᠦ ᠪᠢᠯᠡ᠃ ᠮᠥᠨ ᠴᠤ ᠤᠯᠠᠨ ᠵᠢᠯ ᠤᠨ ᠲᠤᠷᠰᠢ | ᠰᠤᠨᠢᠨ ᠮᠡᠳᠡᠭᠡᠨ ᠤ ᠡᠬᠡ ᠪᠢᠴᠢᠭ ᠢᠶᠠᠨ ᠲᠠᠰᠤᠷᠠᠯᠳᠠ ᠥᠭᠡᠢ ᠪᠢᠴᠢᠵᠤ ᠲᠥᠪ ᠤᠨ ᠷᠠᠳᠢᠣ᠋᠂ ᠤᠷᠤᠨ ᠠᠶᠢᠮᠠᠭ ᠤᠨ | ᠷᠠᠳᠢᠣ᠋᠂ ᠰᠤᠨᠢᠨ ᠰᠡᠳᠭᠦᠯ ᠢᠶᠠᠷ ᠨᠤᠳᠤᠭ ᠤᠰᠤᠨ ᠤ ᠪᠠᠨ ᠬᠥᠭᠵᠢᠯ ᠪᠡᠳᠡᠷᠡᠯ᠂ ᠵᠢᠱᠢᠶᠡᠴᠢ ᠮᠠᠯᠴᠢᠳ ᠤᠨ | ᠲᠡᠷᠢᠭᠦᠨ ᠤ ᠥᠢᠯᠡ ᠠᠵᠢᠯᠯᠠᠭ᠎ᠠ ᠶᠢ ᠰᠤᠷᠪᠤᠯᠵᠢᠯᠠᠨ ᠮᠡᠳᠡᠭᠡᠯᠡᠵᠦ᠂ ᠤᠳᠤ ᠪᠤᠯᠳᠠᠯ᠎ᠠ ᠡᠯ᠎ᠡ ᠰᠲ᠋ᠢᠯᠢ ᠶᠢᠨ ᠡᠬᠡ ᠪᠢᠴᠢᠭ | ᠪᠠᠷᠤᠭ 1000 ᠭᠠᠷᠤᠢ ᠬᠤᠪᠢ ᠨᠡᠶᠢᠳᠡᠯᠡᠭᠦᠯᠵᠦ᠂ ᠠᠶᠢᠮᠠᠭ ᠬᠤᠰᠢᠭᠤᠨ ᠤ ︽ᠮᠤᠩᠭᠤᠯ ᠬᠡᠯᠡ ᠪᠢᠴᠢᠭ ᠰᠤᠷᠴᠤ | ᠬᠡᠷᠡᠭᠯᠡᠭᠰᠡᠨ ᠲᠡᠷᠢᠭᠦᠨ ᠤ ᠬᠤᠪᠢ ᠬᠥᠮᠥᠨ︾ ᠤ ᠱᠠᠩᠨᠠᠯ᠂ ᠠᠶᠢᠮᠠᠭ ᠬᠤᠰᠢᠭᠤᠨ ᠤ ︽ᠰᠢᠯᠢᠳᠡᠭ ᠴᠢᠮᠡᠭᠡᠯᠡᠭᠴᠢ︾ | ᠶᠢᠨ ᠢᠷᠠᠭᠤ ᠠᠯᠳᠠᠷ ᠢ ᠤᠯᠠᠨ ᠤᠳᠠᠭ᠎ᠠ ᠲᠤᠰᠴᠥ ᠡᠩᠭᠡᠷ ᠢᠶᠠᠨ ᠮᠢᠯᠢᠶᠠᠯᠭᠠᠨ ᠶᠠᠪᠤᠭᠰᠠᠨ ᠶᠤᠮ᠃ ᠤᠳᠤ ᠴᠤ ︽ | ᠰᠢᠯᠢ ᠶᠢᠨ ᠭᠤᠤᠯ ᠤᠨ ᠡᠳᠤᠷ ᠤᠨ ᠰᠤᠨᠢᠨ︾ ᠤ ︽ᠤᠨᠴᠠ ᠤᠷᠢᠭᠰᠠᠨ ᠴᠢᠮᠡᠭᠡᠯᠡᠭᠴᠢ︾ ᠪᠠᠷ ᠤᠷᠢᠬᠳᠡᠨ ᠰᠤᠨᠢᠨ | ᠮᠡᠳᠡᠭᠡᠨ ᠤ ᠥᠢᠯᠡᠰ ᠲᠤ ᠵᠢᠳᠬᠦᠵᠦ ᠶᠠᠪᠤᠨ᠎ᠠ᠃ |