ᠣᠶᠢᠷ᠎ᠠ ᠶᠢᠨ ᠬᠤᠭᠤᠴᠠᠭᠠᠨ ᠳᠤ ᠬᠢᠵᠢᠭ ᠤᠨ ᠪᠠᠶᠢᠳᠠᠯ ᠠᠴᠠ ᠪᠣᠯᠵᠤ ᠲᠦᠷ ᠵᠣᠭᠰᠣᠭᠰᠠᠨ ᠮᠤᠵᠢ | ᠠᠯᠤᠰᠯᠠᠭᠰᠠᠨ ᠵᠢᠭᠤᠯᠴᠢᠯᠠᠯ ᠳᠠᠬᠢᠨ ᠰᠡᠷᠬᠦᠵᠦ᠂ ᠣᠯᠠᠨ ᠭᠠᠵᠠᠷ ᠤᠨ ᠬᠢᠨ ᠮᠤᠵᠢ ᠠᠯᠤᠰᠯᠠᠭᠰᠠᠨ ᠪᠦᠯᠬᠦᠮ | ᠨᠡᠶᠢᠲᠡ ᠶᠢᠨ ᠵᠢᠭᠤᠯᠴᠢᠯᠠᠯ ᠢᠶᠠᠨ ᠡᠬᠢᠯᠡᠬᠦᠯᠪᠡ᠃ ᠬᠢᠵᠢᠭ ᠤᠨ ᠪᠠᠶᠢᠳᠠᠯ ᠨᠠᠮᠳᠠᠬᠤ ᠶᠢ ᠳᠠᠭᠠᠯᠳᠤᠨ᠂ ᠣᠶᠢᠷ᠎ᠠ ᠳᠤ | ᠭᠤᠸᠠᠩᠳᠦ᠋ᠩ᠂ ᠱᠠᠨᠳᠦ᠋ᠩ᠂ ᠰᠧᠴᠤᠸᠠᠨ᠂ ᠥᠪᠥᠷ ᠮᠣᠩᠭᠤᠯ᠂ ᠬᠠᠶᠢᠨᠠᠨ ᠵᠡᠷᠭᠡ ᠣᠯᠠᠨ ᠭᠠᠵᠠᠷ ᠤᠨ ᠬᠢᠨ ᠮᠡᠳᠡᠭᠳᠡᠯ | ᠨᠡᠶᠢᠲᠡᠯᠡᠵᠦ᠂ ᠮᠤᠵᠢ ᠠᠯᠤᠰᠯᠠᠭᠰᠠᠨ ᠪᠦᠯᠬᠦᠮ ᠨᠡᠶᠢᠲᠡ ᠶᠢᠨ ᠵᠢᠭᠤᠯᠴᠢᠯᠠᠯ ᠢ ᠰᠡᠷᠬᠦᠬᠡᠯᠡ᠃ ᠨᠡᠩ ᠤᠯᠠᠨ ᠮᠤᠵᠢ | ᠣᠷᠣᠨ ᠵᠠᠯᠭᠠᠪᠡᠷ ᠮᠤᠵᠢ ᠠᠯᠤᠰᠯᠠᠭᠰᠠᠨ ᠵᠤᠭᠠᠴᠠᠯ ᠢᠶᠠᠨ ᠰᠡᠷᠭᠦᠭᠡᠭᠰᠡᠨ ᠨᠢ ᠤᠳᠠᠯ ᠦᠭᠡᠢ ᠬᠦᠷᠴᠦ ᠢᠷᠡᠬᠦ | ᠳᠡᠷᠬᠡᠯ ᠤᠨ ᠪᠠᠶᠠᠷ ᠪᠣᠯᠤᠨ ᠤᠯᠤᠰ ᠤᠨ ᠪᠠᠶᠠᠷ ᠤᠨ ᠬᠥᠭᠵᠢᠶᠡᠨᠲᠡᠢ ᠠᠭᠤᠷ ᠠᠮᠢᠰᠬᠤᠯ ᠢ ᠪᠣᠢ ᠪᠣᠯᠭᠠᠵᠠᠢ᠃ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠺᠣᠮᠢᠰ ᠤᠨ ᠡᠷᠬᠢᠯᠡᠭᠴᠢ ᠮᠠ ᠰᠢᠶᠤᠤ ᠸᠧᠶ ᠣᠶᠢᠷ᠎ᠠ ᠳᠤ | ᠬᠡᠯᠡᠬᠦ ᠳᠡᠭᠡᠨ᠂ 8 ᠳ᠋ᠣᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠢᠵᠢᠭ ᠢ ᠳᠠᠷᠣᠵᠦ᠂ ᠨᠡᠶᠢᠭᠡᠮ ᠤᠨ ᠠᠮᠢᠳᠤᠷᠠᠯ ᠢ | ᠠᠯᠢ ᠲᠦᠷᠭᠡᠨ ᠢᠶᠠᠷ ᠬᠡᠪ ᠤᠨ ᠪᠠᠶᠢᠳᠠᠯ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠶ ᠭᠡᠵᠡᠢ᠃ ᠳᠤᠮᠳᠠᠳᠤ | ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠵᠠᠩ ᠪᠥᠸᠧ ᠯᠢ ᠣᠷᠴᠢᠮᠬᠠᠨ ᠬᠡᠪᠯᠡᠯ ᠤᠨ ᠬᠢᠨ ᠳᠤ᠄ | ︽ᠡᠷᠭᠢᠯᠲᠡ ᠶᠢᠨ ᠴᠡᠭ ᠤᠳᠠᠯ ᠦᠭᠡᠶ ᠢᠷᠡᠬᠦ ᠭᠡᠵᠦ ᠪᠠᠶᠢᠨ᠎ᠠ᠂ ᠣᠳᠣᠬᠠᠨ ᠳᠤ ᠬᠢᠵᠢᠭ ᠮᠡᠳᠡᠭᠳᠡᠮ᠎ᠡ ᠨᠠᠮᠳᠠᠵᠤ | ᠪᠠᠶᠢᠨ᠎ᠠ᠂ ᠡᠭᠦᠨ ᠢ ᠪᠦᠷᠢᠮᠦᠰᠦᠨ ᠬᠢᠵᠠᠭᠠᠷᠯᠠᠬᠤ ᠪᠣᠯᠤᠯᠴᠠᠭ᠎ᠠ ᠲᠠᠢ ᠶᠤᠮ᠂ 8 ᠳ᠋ᠣᠭᠠᠷ ᠰᠠᠷ᠎ᠠ ᠶᠢᠨ ᠰᠡᠭᠦᠯᠴᠢ ᠪᠠᠷ | ᠡᠷᠭᠢᠯᠲᠡ ᠶᠢᠨ ᠴᠡᠭ ᠬᠦᠷᠴᠦ ᠢᠷᠡᠬᠦ ᠪᠣᠯᠤᠨ᠎ᠠ᠂ ᠬᠢᠵᠢᠭ ᠤᠨ ᠪᠠᠶᠢᠳᠠᠯ ᠪᠦᠷᠢᠮᠦᠰᠦᠨ ᠨᠠᠮᠳᠠᠬᠤ ᠪᠣᠯᠤᠨ᠎ᠠ ᠭᠡᠵᠦ ᠪᠢ | ᠵᠢᠱᠢᠵᠦ ᠥᠩᠭᠡᠷᠡᠭᠰᠡᠨ ᠶᠤᠮ︾ ᠭᠡᠵᠡᠶ᠃ ᠵᠠᠩ ᠪᠥᠸᠧ ᠯᠢ ᠪᠠᠶᠠᠷ ᠤᠨ ᠡᠳᠦᠷ ᠤᠨ ᠬᠤᠭᠤᠴᠠᠭᠠᠨ ᠳᠤ ᠬᠡᠪ ᠤᠨ | ᠶᠣᠰᠣᠭᠠᠷ ᠭᠠᠳᠠᠭᠰᠢ ᠭᠠᠷᠴᠤ ᠪᠣᠯᠬᠤ ᠡᠰᠡᠬᠦ ᠲᠤᠬᠠᠶ ᠰᠠᠨᠠᠭᠤᠯᠬᠤ ᠳᠠᠭᠠᠨ᠄ ︽ᠴᠢᠩᠭ᠎ᠠ ᠬᠠᠮᠢᠶᠠᠷᠤᠨ ᠳᠠᠷᠣᠵᠦ | ᠪᠠᠶᠢᠭ᠎ᠠ ᠪᠠᠶᠢᠳᠠᠯ ᠳᠣᠣᠷ᠎ᠠ ᠵᠣᠬᠢᠰᠲᠠᠶ ᠪᠠᠷ ᠴᠢᠯᠥᠭᠡᠲᠡᠶ ᠲᠠᠯᠪᠢᠵᠤ᠂ ᠳᠡᠷᠬᠡᠯ ᠤᠨ ᠪᠠᠶᠠᠷ ᠪᠠ ᠣᠯᠣᠰ ᠤᠨ ᠪᠠᠶᠠᠷ ᠢᠶᠠᠷ | ᠬᠡᠪ ᠤᠨ ᠶᠣᠰᠣᠭᠠᠷ ᠭᠠᠳᠠᠭᠰᠢ ᠭᠠᠷᠴᠤ ᠪᠣᠯᠤᠨ᠎ᠠ︾ ᠭᠡᠵᠡᠶ᠃ |