ᠮᠠᠯᠴᠢᠳ ᠡᠪᠡᠰᠥ ᠬᠠᠲᠤᠵᠥ ᠨᠥᠭᠡᠴᠡᠯᠡᠬᠦ ᠠᠵᠢᠯ ᠳᠤ ᠪᠠᠨ ᠶᠠᠭᠠᠷᠠᠯᠲᠤᠨ᠎ᠠ
ᠨᠡᠶᠢᠲᠡᠯᠡᠭᠰᠡᠨ ᠴᠠᠭ᠄
2021/9/14
    ᠥᠨᠥ ᠵᠢᠯ ᠵᠡᠬᠦᠨ ᠥᠵᠥᠮᠥᠴᠢᠨ ᠬᠤᠰᠢᠭᠤᠨ ᠳᠤ ᠨᠠᠷᠠ ᠬᠤᠷ᠎ᠠ ᠲᠡᠭᠰᠢ᠂ ᠪᠡᠯᠴᠢᠭᠡᠷ ᠤᠨ ᠤᠷᠭᠤᠴᠠ ᠰᠠᠶᠢᠨ ᠪᠤᠯᠬᠤᠷ ᠬᠠᠲᠤᠯᠠᠩ ᠤᠨ ᠭᠠᠷᠤᠯᠲᠠ ᠴᠥ ᠶᠡᠭᠡ ᠪᠠᠶᠢᠵᠥ᠂ ᠮᠠᠯᠴᠢᠳ ᠮᠠᠨᠢ ᠤᠲᠤ ᠶᠠᠭ ᠬᠠᠲᠤᠯᠠᠩ ᠤᠨ ᠠᠵᠢᠯ ᠳᠤ ᠪᠠᠨ ᠶᠠᠭᠠᠷᠠᠯᠲᠤᠨ᠎ᠠ᠃     ᠤᠢᠢᠯᠠᠭᠠᠭᠰᠠᠠ ᠢᠶᠠᠷ᠂ ᠲᠤᠰ ᠬᠤᠰᠢᠭᠤᠨ ᠤ ᠪᠠᠶᠢᠭᠠᠯᠢᠯᠢᠭ ᠪᠡᠯᠴᠢᠭᠡᠷ ᠤᠨ ᠲᠠᠯᠠᠪᠠᠢ 5918.57 ᠲᠥᠮᠡᠨ ᠮᠥ ᠪᠠᠶᠢᠵᠥ᠂ ᠡᠬᠦᠨ ᠳᠤ ᠠᠰᠢᠭᠯᠠᠵᠥ ᠪᠤᠯᠬᠤᠢᠢᠴᠠ ᠪᠡᠯᠴᠢᠭᠡᠷ ᠤᠨ ᠲᠠᠯᠠᠪᠠᠢ 5690.86 ᠲᠥᠮᠡᠨ ᠮᠥ᠂ ᠪᠠᠶᠢᠭᠠᠯᠢᠯᠢᠭ ᠬᠠᠲᠤᠯᠠᠩ ᠤᠨ ᠲᠠᠯᠠᠪᠠᠢ 940 ᠲᠥᠮᠡᠨ ᠮᠥ ᠪᠤᠢ᠃ ᠡᠪᠡᠰᠥ ᠬᠠᠲᠤᠵᠥ ᠨᠥᠭᠡᠴᠡᠯᠡᠬᠦ ᠠᠵᠢᠯ ᠡᠬᠢᠯᠡᠭᠰᠡᠨ ᠠᠴᠠ ᠨᠠᠭᠠᠰᠢ᠂ ᠲᠤᠰ ᠬᠤᠰᠢᠭᠤ ᠠᠮᠢ ᠠᠬᠤᠢ ᠶᠢᠨ ᠬᠠᠮᠠᠭᠠᠯᠠᠯᠳᠠ ᠶᠢ ᠲᠡᠷᠢᠬᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ ᠪᠤᠬᠢᠷᠲᠤᠯ ᠥᠭᠡᠢ ᠬᠥᠭᠵᠢᠯᠲᠠ ᠶᠢᠨ ᠤᠢᠢᠯᠠᠭᠠᠭᠲᠠᠬᠤᠨ ᠢ ᠥᠢᠯᠡᠲᠥᠯᠭᠡᠵᠢᠬᠦᠯᠵᠥ᠂ ︽ᠵᠡᠬᠦᠨ ᠥᠵᠥᠮᠥᠴᠢᠨ ᠬᠤᠰᠢᠭᠤᠨ ᠤ ᠡᠪᠡᠰᠥ ᠬᠠᠲᠤᠵᠥ ᠨᠥᠭᠡᠴᠡᠯᠡᠬᠦ ᠬᠠᠮᠢᠶᠠᠷᠤᠯᠲᠠ ᠶᠢᠨ ᠠᠷᠭ᠎ᠠ︾᠎ ᠶᠢ ᠴᠢᠩᠭ᠎ᠠ ᠬᠡᠷᠡᠭᠵᠢᠬᠦᠯᠵᠥ᠂ ᠪᠥᠬᠦ ᠬᠤᠰᠢᠭᠤᠨ ᠤ ᠬᠠᠲᠤᠯᠠᠩ ᠤᠨ ᠠᠵᠢᠯᠲᠠᠨ ᠤ ᠬᠠᠮᠢᠶᠠᠷᠤᠯᠲᠠ ᠶᠢᠨ ᠠᠷᠭ᠎ᠠ ᠪᠠ ᠠᠵᠢᠯᠯᠠᠭᠠᠨ ᠤ ᠲᠥᠷᠢᠮ ᠶᠤᠰᠤᠭᠠᠷ ᠬᠠᠲᠤᠯᠠᠩ ᠬᠠᠲᠤᠬᠤ ᠠᠵᠢᠯ ᠳᠤ ᠴᠢᠩᠭ᠎ᠠ ᠬᠢᠨᠠᠯᠲᠠ ᠲᠠᠯᠪᠢᠵᠥ ᠪᠤᠢ᠃ ᠭᠤᠤᠯᠳᠠᠭᠤ ᠬᠠᠲᠤᠯᠠᠩ ᠤᠨ ᠲᠠᠯᠠᠪᠠᠢ ᠶᠢ ᠲᠤᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠥ᠂ ᠭᠤᠤᠯᠲᠠᠯᠭ᠎ᠠ ᠲᠠᠢ ᠤᠷᠤᠨ ᠲᠤᠭᠤᠷᠢᠭ ᠲᠤ ᠪᠠᠶᠢᠡᠭᠭᠤ ᠶᠢᠨ ᠴᠢᠨᠠᠷᠲᠠᠢ ᠪᠠᠶᠢᠴᠠᠭᠠᠯᠲᠠ ᠬᠢᠵᠥ᠂ ᠲᠥᠷᠢᠮ ᠠᠴᠠ ᠵᠥᠷᠢᠴᠡᠵᠥ ᠬᠠᠲᠤᠬᠤ ᠳᠤ ᠬᠢᠨᠠᠯᠲᠠ ᠲᠠᠯᠪᠢᠬᠤ ᠪᠠ ᠭᠠᠯ ᠰᠡᠷᠭᠡᠶᠢᠯᠡᠬᠦ ᠠᠵᠢᠯ ᠢ ᠴᠢᠩᠭᠠᠳᠬᠠᠬᠤ ᠶᠢᠨ ᠬᠠᠮᠲᠤ ᠪᠠᠶᠢᠭᠠᠯᠢᠯᠢᠭ ᠬᠠᠲᠤᠯᠠᠩ ᠤᠨ ᠲᠠᠯᠠᠪᠠᠢ ᠶᠢ ᠬᠠᠮᠠᠭᠠᠯᠠᠵᠤ ᠠᠰᠢᠭᠯᠠᠬᠤ ᠬᠠᠮᠢᠶ᠎ᠠ ᠪᠥᠬᠦᠢ ᠲᠥᠷᠢᠮ ᠲᠤᠭᠲᠠᠭᠠᠯ ᠪᠤᠯᠤᠨ ᠲᠥᠷᠥ ᠶᠢᠨ ᠪᠤᠲᠤᠯᠭ᠎ᠠ ᠶᠢ ᠥᠷᠭᠡᠨ ᠢᠶᠠᠷ ᠤᠬᠠᠭᠤᠯᠵᠥ᠂ ᠡᠪᠡᠰᠥ ᠬᠠᠲᠤᠬᠤ ᠠᠵᠢᠯ ᠤᠨ ᠬᠠᠤᠯᠢ ᠲᠤᠭᠲᠠᠭᠠᠯ ᠶᠤᠰᠤᠭᠠᠷ ᠡᠷᠴᠢᠮᠲᠠᠢ ᠶᠠᠪᠤᠭᠲᠠᠬᠤ ᠶᠢ ᠪᠠᠲᠤᠯᠠᠵᠥ ᠪᠠᠶᠢᠨ᠎ᠠ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号