ᠬᠠᠳᠤᠯᠠᠩ ᠤᠨ ᠳᠠᠯᠠᠪᠠᠢ ᠪᠠᠨ‌‍ᠰᠢᠨᠵᠢᠯᠡᠭᠦ ᠤᠬᠠᠭᠠᠨᠴᠢ ᠵᠦᠢ ᠵᠤᠭᠢᠰᠳᠠᠢ ᠠᠰᠢᠭᠯᠠᠶ᠎ᠡ
ᠨᠡᠶᠢᠲᠡᠯᠡᠭᠰᠡᠨ ᠴᠠᠭ᠄
2021/9/16
    ᠮᠠᠠ ᠤ ᠠᠶᠢᠮᠠᠭ ᠪᠠᠶᠢᠭᠠᠯᠢᠯᠢᠭ ᠬᠠᠳᠤᠯᠠᠩ ᠤᠨ ᠲᠠᠯᠠᠪᠠᠢ ᠶᠢ ᠬᠠᠮᠠᠭᠠᠯᠠᠠ ᠠᠰᠢᠬᠯᠠᠬᠤ ᠵᠢᠯᠤᠭᠤᠤᠨᠬᠤ ᠴᠢᠨᠠᠷᠳᠠᠢ ᠪᠢᠴᠢᠭ ᠮᠠᠲ᠋ᠧᠷᠢᠶᠠᠯ ᠨᠡᠶᠢᠳᠡᠯᠡᠵᠤ᠂ ᠰᠢᠨᠵᠢᠯᠡᠭᠦ ᠤᠬᠠᠭᠠᠨᠴᠢ ᠪᠠᠷ ᠡᠪᠡᠰᠤ ᠬᠠᠳᠤᠬᠤ ᠴᠠᠭ ᠢ ᠲᠤᠭᠳᠠᠭᠠᠵᠤ᠂ ᠡᠪᠡᠰᠤᠠ ᠤ ᠶᠤᠵᠤᠭᠤᠷ ᠦᠯᠡᠳᠡᠭᠡᠭᠦ ᠭᠡᠮᠵᠢᠶ᠎ᠡ ᠶᠢ ᠲᠦᠷᠢᠮᠵᠢᠭᠦᠯᠦᠡ᠂ ᠰᠡᠯᠭᠦᠡ ᠮᠠᠯᠵᠢᠬᠤ ᠲᠦᠷᠢᠮ ᠢ ᠭᠡᠷᠡᠭᠵᠢᠭᠦᠯᠦᠭᠡᠤᠠ ᠪᠠᠶᠢᠭᠠᠯᠢᠯᠢᠬ ᠬᠠᠳᠤᠯᠠᠩ ᠤᠨ ᠲᠠᠯᠠᠪᠠᠢ ᠶᠢᠨ ᠬᠠᠮᠠᠭᠠᠯᠠᠯᠳᠠ ᠠᠰᠢᠬᠯᠠᠯᠳᠠ ᠶᠢ ᠴᠢᠩᠭᠠᠤᠨᠬᠠᠵᠤ᠂ ᠡᠮᠭᠢ ᠵᠠᠮᠪᠠᠷᠠᠭ᠎ᠠ ᠦᠭᠡᠢ ᠪᠠᠷ ᠡᠪᠡᠰᠤ ᠬᠠᠳᠤᠬᠤ᠂ ᠭᠡᠳᠦᠷᠡᠳᠡᠯ᠎ᠡ ᠬᠠᠳᠤᠬᠤ ᠶᠢ ᠰᠡᠷᠭᠡᠶᠢᠯᠡᠡ ᠬᠤᠷᠢᠬᠯᠠᠵᠤ᠂ ᠪᠠᠶᠢᠭᠠᠯᠢᠯᠢᠭ ᠬᠠᠳᠤᠯᠠᠩ ᠤᠨ ᠭᠢᠨᠠᠯᠳᠠ ᠬᠠᠮᠢᠶᠠᠷᠤᠯᠳᠠ ᠶᠢ ᠴᠢᠩᠭᠠᠤᠨᠬᠠᠪᠠ᠃ ᠡᠨᠡ ᠪᠤᠯ ᠨᠤᠳᠤᠭ ᠪᠠᠯᠴᠢᠭᠡᠷ ᠢ ᠰᠢᠨᠵᠢᠯᠡᠭᠦ ᠤᠬᠠᠭᠠᠨᠴᠢ᠂ ᠵᠦᠢ ᠵᠤᠭᠢᠰᠳᠠᠢ ᠠᠰᠢᠬᠯᠠᠵᠤ᠂ ᠨᠠᠮᠤᠷ ᠤᠨ ᠤᠯᠠᠷᠢᠯ ᠤᠨ ᠡᠪᠡᠰᠤ ᠬᠠᠳᠤᠵᠤ ᠨᠦᠭᠡᠴᠡᠯᠡᠭᠦ ᠠᠵᠢᠯ ᠢ ᠤᠯᠠᠮ ᠲᠦᠷᠢᠮᠵᠢᠭᠦᠯᠤᠠ᠂ ᠨᠤᠳᠤᠭ ᠪᠠᠯᠴᠢᠭᠡᠷ ᠤᠨ ᠠᠮᠢ ᠠᠬᠤᠢ ᠶᠢ ᠰᠠᠶᠢᠵᠢᠷᠠᠭᠤᠯᠬᠤ ᠪᠦᠳᠦᠮᠵᠢᠳᠠᠢ ᠠᠷᠭ᠎ᠠ ᠪᠤᠯᠬᠤ ᠶᠤᠮ᠃     ︽ᠪᠡᠯᠡᠤᠨᠭᠡᠯ ᠲᠠᠢ ᠪᠤᠯ ᠪᠡᠷᠭᠡᠳᠡᠭᠦ ᠦᠭᠡᠢ︾ ᠭᠡᠳᠡᠭᠴᠢᠯᠡᠡ ᠨᠠᠮᠤᠷ ᠤᠨ ᠬᠠᠳᠤᠯᠠᠩ ᠤᠨ ᠦᠶ᠎ᠡ ᠪᠤᠯᠬᠤ ᠳᠤ ᠮᠠᠯᠴᠢᠤᠠ ᠮᠢᠨᠢ ᠡᠪᠡᠰᠤ ᠪᠤᠷᠳᠤᠭ᠎ᠠ ᠪᠠᠨ ᠭᠦᠷᠦᠯᠴᠡᠭᠦ᠋ᠢᠴᠠ ᠪᠡᠯᠡᠤᠨᠭᠡᠵᠤ ᠮᠠᠯ ᠢᠶᠠᠨ ᠮᠡᠨᠳᠤ ᠤᠨᠳᠤᠷᠤᠭᠤᠯᠬᠤ ᠪᠡᠯᠡᠤᠨᠭᠡᠯ ᠢᠶᠠᠨ ᠭᠢᠳᠡᠭ᠃ ᠮᠠᠯᠴᠢᠤᠠ ᠮᠢᠨᠢ ᠨᠢᠭᠡ ᠲᠠᠯ᠎ᠡ ᠪᠠᠷ ᠪᠡᠯᠡᠤᠨᠭᠡᠯ ᠢᠶᠠᠨ ᠰᠠᠶᠢᠳᠦᠷ ᠭᠢᠭᠦ ᠶᠢᠨ ᠬᠠᠮᠳᠤ ᠨᠦᠭᠦᠭᠡ ᠲᠡᠯ᠎ᠡ ᠪᠠᠷ ᠬᠠᠳᠤᠯᠠᠩ ᠢᠶᠠᠨ ᠬᠠᠳᠤᠬᠤ ᠳᠤ ᠪᠠᠨ ᠲᠦᠷᠢᠮ ᠲᠤᠭᠳᠠᠭᠠᠯ ᠶᠤᠰᠤᠭᠠᠷ ᠴᠢᠩᠭ᠎ᠠ ᠵᠢᠷᠤᠮᠯᠠᠵᠤ᠂ ᠬᠠᠳᠤᠯᠠᠩ ᠤᠨ ᠳᠠᠯᠠᠪᠠᠢ ᠪᠠᠨ ᠰᠢᠨᠵᠢᠯᠡᠭᠦ ᠤᠬᠠᠭᠠᠨᠴᠢ ᠵᠦᠢ ᠵᠤᠭᠢᠰᠳᠠᠢ ᠠᠰᠢᠬᠯᠠᠬᠤ ᠶᠢ ᠪᠤᠳᠤᠯᠭᠢᠯᠠᠬᠤ ᠴᠢᠬᠤᠯᠠᠳᠠᠢ᠃ ᠡᠷᠳᠡ ᠬᠠᠳᠤᠬᠤ᠂ ᠭᠡᠳᠦᠷᠡᠳᠠᠯ᠎ᠡ ᠬᠠᠳᠤᠬᠤ ᠵᠡᠷᠭᠡ ᠠᠵᠢᠯᠯᠠᠭ᠎ᠠ ᠨᠢ ᠨᠤᠳᠤᠭ ᠪᠠᠯᠴᠢᠭᠡᠷ ᠤᠨ ᠠᠮᠢ ᠠᠬᠤᠢ ᠶᠢ ᠡᠪᠳᠡᠵᠤ᠂ ᠡᠪᠡᠰᠤᠨ ᠤ ᠤᠷᠭᠤᠴᠠ ᠴᠤ ᠮᠠᠭᠤᠳᠠᠬᠤ ᠪᠤᠯᠤᠨ᠎ᠡ᠃ ᠮᠠᠯᠴᠢᠤᠠ ᠮᠢᠨᠢ ᠨᠤᠳᠤᠭ ᠪᠠᠯᠴᠢᠭᠡᠷ ᠢᠶᠠᠨ ᠬᠠᠮᠠᠭᠠᠯᠠᠬᠤ ᠡᠭᠦᠳᠠᠠ ᠠᠴᠠ ᠦᠪᠡᠷ ᠤᠨ ᠪᠤᠯᠤᠠ ᠪᠤᠰᠤᠤᠠ ᠤᠨ ᠬᠢ ᠶᠢ ᠲᠦᠷᠢᠶᠠᠰᠦᠯᠡᠭᠰᠡᠡ ᠨᠤᠳᠤᠭ ᠭᠡᠵᠤ ᠢᠯᠭᠠᠯ ᠦᠭᠡᠢ ᠭᠡᠳᠦ ᠡᠷᠳᠠ ᠬᠠᠳᠤᠬᠤ᠂  ᠭᠡᠳᠦᠷᠠᠳᠠᠯ᠎ᠡ ᠬᠠᠳᠤᠬᠤ ᠶᠢ ᠲᠠᠪᠴᠢᠵᠤ᠂ ᠬᠠᠳᠤᠯᠠᠩ ᠤᠨ ᠨᠤᠳᠤᠭ ᠢᠶᠠᠨ ᠰᠢᠨᠵᠢᠯᠡᠭᠦ ᠤᠬᠠᠭᠠᠨᠴᠢ ᠪᠠᠷ ᠠᠰᠢᠬᠯᠠᠠ᠂ ᠲᠦᠷᠢᠮ ᠲᠤᠭᠳᠠᠭᠠᠯ ᠢ ᠴᠢᠩᠭ᠎ᠠ ᠵᠢᠷᠤᠮᠯᠠᠠ᠂ ᠬᠠᠳᠤᠯᠠᠩ ᠤᠨ ᠨᠤᠳᠤᠭ ᠤᠨ ᠢᠶᠠᠨ ᠠᠮᠢ ᠠᠬᠤᠢ ᠶᠢ ᠰᠠᠶᠢᠳᠦᠷ ᠬᠠᠮᠠᠭᠠᠯᠠᠪᠠᠯ ᠵᠤᠭᠢᠨ᠎ᠡ᠂ ᠬᠠᠳᠤᠯᠠᠩ ᠢᠶᠠᠨ ᠰᠠᠶᠢᠳᠦᠷ ᠬᠠᠮᠠᠭᠠᠯᠠᠵᠤ ᠠᠰᠢᠬᠯᠠᠵᠤ ᠴᠢᠳᠠᠪᠠᠯ ᠠᠮᠢ ᠠᠬᠤᠢ ᠰᠠᠶᠢᠵᠢᠷᠠᠬᠤ ᠪᠠᠷ ᠦᠯᠦ ᠪᠡᠷᠠᠮ ᠡᠪᠡᠰᠤᠨ ᠤ ᠤᠷᠭᠤᠴᠠ ᠴᠤ ᠰᠠᠶᠢᠡ ᠪᠤᠯᠵᠤ ᠠᠮᠢ ᠠᠬᠤᠢ ᠠᠵᠤ ᠠᠬᠤᠢ ᠶᠢᠨ ᠬᠤᠤᠰ ᠦᠷ᠎ᠡ ᠠᠰᠢᠭ ᠭᠦᠷᠳᠡᠭᠦ ᠪᠤᠯᠤᠨ᠎ᠡ᠃ ᠬᠠᠳᠤᠯᠠᠩ ᠤᠨ ᠨᠤᠳᠤᠭ ᠢᠶᠠᠨ ᠭᠡᠳᠦᠢ ᠬᠠᠮᠠᠭᠠᠯᠠᠬᠤ ᠲᠤᠳᠤᠮ ᠠᠰᠢᠬᠯᠠᠬᠤ ᠨᠤᠷᠮ᠎ᠡ ᠲᠡᠳᠦᠢ ᠦᠨᠳᠦᠷ ᠪᠤᠯᠤᠨ᠎ᠡ᠃ ᠬᠠᠳᠤᠯᠠᠩ ᠤᠨ ᠨᠤᠳᠤᠭ ᠢᠶᠠᠨ ᠲᠥᠯᠥᠪᠯᠡᠭᠡ ᠲᠠᠢ ᠪᠠᠷ ᠬᠡᠰᠡᠭ ᠪᠣᠶᠦ ᠣᠷᠣᠨ ᠬᠡᠪᠴᠢᠶ᠎ᠠ ᠬᠤᠪᠢᠶᠠᠵᠦ ᠬᠠᠳᠣᠬᠤ᠂ ᠣᠨ ᠬᠤᠪᠢᠶᠠᠵᠦ ᠬᠠᠳᠣᠬᠤ ᠵᠡᠷᠭᠡ ᠠᠷᠭ᠎ᠠ ᠭᠡᠮᠵᠢᠶ᠎ᠡ ᠨᠢ ᠬᠠᠳᠤᠯᠠᠩ ᠤᠨ ᠳᠠᠯᠠᠪᠠᠢ ᠶᠢᠨ ᠠᠮᠢ ᠠᠬᠤᠢ ᠶᠢ ᠰᠠᠶᠢᠵᠢᠷᠠᠭᠤᠯᠬᠤ ᠪᠦᠳᠦᠮᠵᠢᠳᠠᠢ ᠠᠷᠭ᠎ᠠ ᠭᠡᠮᠵᠢᠶ᠎ᠡ ᠪᠤᠯᠤᠨ᠎ᠡ᠃ ᠨᠦᠭᠦᠭᠡ ᠲᠠᠯ᠎ᠡ ᠪᠠᠷ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠡᠳᠦᠷ ᠲᠣᠲᠣᠮ ᠤᠨ ᠲᠣᠭᠤᠷᠢᠨ ᠪᠠᠶᠢᠴᠠᠭᠠᠵᠦ ᠬᠢᠨᠠᠯᠲᠠ ᠲᠠᠯᠪᠢᠬᠤ ᠠᠵᠢᠯ ᠢᠶᠠᠨ ᠴᠢᠩᠭᠠᠳᠬᠠᠵᠦ᠂ ᠣᠨᠴᠠᠭᠠᠶᠢᠯᠠᠨ ᠲᠣᠰᠬᠠᠢ ᠡᠪᠡᠰᠦ ᠬᠠᠳᠣᠬᠤ ᠠᠩᠭᠢ᠂ ᠡᠪᠡᠰᠦ ᠬᠠᠳᠣᠬᠤ ᠺᠣᠮᠫᠠᠨᠢ ᠵᠡᠷᠭᠡ ᠬᠤᠳᠠᠯᠳᠣᠭᠠᠨ ᠤ ᠴᠢᠨᠠᠷᠲᠠᠢ ᠡᠪᠡᠰᠦ ᠬᠠᠳᠣᠬᠤ ᠠᠵᠢᠯᠯᠠᠭ᠎ᠠ ᠶᠢ ᠬᠢᠨᠠᠨ ᠬᠠᠮᠢᠶᠠᠷᠬᠤ ᠬᠦᠴᠦᠯᠡᠴᠡ ᠪᠠᠨ ᠴᠢᠩᠭᠠᠳᠬᠠᠵᠦ᠂ ᠡᠪᠡᠰᠦᠨ ᠤ ᠶᠣᠵᠣᠭᠤᠷ ᠢ ᠬᠡᠲᠦ ᠣᠬᠤᠷ ᠦᠯᠡᠳᠡᠭᠡᠬᠦ ᠪᠠ ᠬᠡᠲᠦᠷᠭᠡᠢ ᠬᠠᠮᠣᠵᠦ ᠬᠠᠳᠣᠬᠤ ᠠᠵᠢᠯᠯᠠᠭ᠎ᠠ ᠶᠢ ᠬᠤᠷᠢᠬᠯᠠᠵᠤ᠂ ᠬᠠᠳᠤᠯᠠᠩ ᠤᠨ ᠳᠠᠯᠠᠪᠠᠢ ᠶᠢᠨ ᠭᠢᠨᠠᠯᠳᠠ ᠬᠠᠮᠢᠶᠠᠷᠤᠯᠳᠠ ᠶᠢ ᠴᠢᠩᠭᠠᠤᠨᠬᠠᠪᠠᠯ ᠵᠤᠭᠢᠨ᠎ᠡ᠃     ᠨᠤᠳᠤᠭ ᠪᠠᠯᠴᠢᠭᠡᠷ ᠪᠤᠯ ᠮᠠᠯ ᠠᠵᠤ ᠠᠬᠤᠢ ᠶᠢᠨ ᠦᠷᠭᠦᠯᠵᠢᠯᠡᠡ ᠭᠦᠭᠵᠢᠭᠦ ᠶᠢᠨ ᠰᠠᠭᠤᠷᠢ ᠮᠦᠡ᠃ ᠪᠦᠭᠦ ᠠᠶᠢᠮᠠᠭ ᠤᠨ ᠮᠠᠯᠵᠢᠬᠤ ᠦᠢᠯᠡᠤᠨᠪᠤᠷᠢᠯᠡᠯ ᠤᠨ ᠰᠠᠭᠤᠷᠢ ᠴᠢᠨᠠᠷᠳᠠᠢ ᠠᠵᠢᠯ ᠤᠨ ᠨᠢᠭᠡ ᠪᠣᠯᠬᠤ ᠬᠠᠳᠤᠯᠠᠩ ᠬᠠᠳᠤᠬᠤ ᠨᠢ ᠮᠠᠯᠵᠢᠬᠤ ᠡᠷᠦᠭᠡ ᠶᠢᠨ ᠲᠤᠰ ᠪᠠᠶ᠎ᠡ ᠶᠢᠨ ᠠᠰᠢᠭ ᠲᠤᠰᠠ ᠲᠠᠢ ᠬᠤᠯᠪᠤᠭᠳᠠᠬᠤ ᠪᠠᠷ ᠪᠠᠷᠠᠬᠤ ᠦᠭᠡᠢ ᠲᠠᠯ᠎ᠡ ᠨᠤᠳᠤᠭ ᠤᠨ ᠡᠭᠢ ᠪᠠᠶᠠᠯᠢᠭ ᠢ ᠦᠷᠭᠦᠯᠵᠢᠯᠡᠡ ᠠᠰᠢᠬᠯᠠᠬᠤ ᠳᠤ ᠬᠤᠯᠪᠤᠭᠳᠠᠵᠤ ᠪᠠᠶᠢᠳᠠᠭ᠃ ᠬᠠᠳᠤᠯᠠᠩ ᠤᠨ ᠳᠠᠯᠠᠪᠠᠢ ᠪᠠᠨ ᠰᠢᠨᠵᠢᠯᠡᠭᠦ ᠤᠬᠠᠭᠠᠨᠴᠢ ᠪᠠᠷ ᠬᠠᠮᠠᠭᠠᠯᠠᠵᠤ ᠠᠰᠢᠬᠯᠠᠠ᠂ ᠮᠠᠯ ᠠᠵᠤ ᠠᠬᠤᠢ ᠶᠢᠨ ᠭᠦᠭᠵᠢᠯᠳᠠ ᠶᠢᠨ ᠰᠠᠭᠤᠷᠢ ᠶᠢ ᠴᠢᠩᠭᠠᠤᠨᠬᠠᠬᠤ ᠶᠢ ᠪᠤᠳᠤᠯᠭᠢᠯᠠᠪᠠᠯ ᠵᠤᠭᠢᠨ᠎ᠡ᠃ ᠨᠤᠳᠤᠭ ᠪᠠᠯᠴᠢᠭᠡᠷ ᠤᠨ ᠠᠮᠢ ᠠᠬᠤᠢ ᠪᠠᠨ ᠰᠢᠨᠵᠢᠯᠡᠭᠦ ᠤᠬᠠᠭᠠᠨᠴᠢ ᠪᠠᠷ ᠬᠠᠮᠠᠭᠠᠯᠠᠬᠤ ᠪᠤᠯ ᠨᠤᠳᠤᠭ ᠪᠠᠯᠴᠢᠭᠡᠷ ᠢᠶᠠᠨ ᠪᠦᠳᠤᠮᠵᠢᠳᠠᠢ ᠠᠰᠢᠬᠯᠠᠬᠤ ᠶᠢᠨ ᠤᠷᠢᠳᠠᠯ ᠪᠤᠯᠤᠨ᠎ᠡ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号