ᠴᠢᠨᠠᠷ ᠰᠡᠶᠢᠲᠡᠢ ᠬᠦᠭᠵᠢᠯᠲᠠ ᠶᠢᠨ ᠰᠢᠨ᠎ᠡ ᠵᠠᠮ ᠢ ᠡᠷᠢᠯᠬᠢᠯᠡᠬᠦ ᠳᠤ
ᠨᠡᠶᠢᠲᠡᠯᠡᠭᠰᠡᠨ ᠴᠠᠭ᠄
2021/9/2
    ᠮᠠᠯ ᠠᠵᠤ ᠠᠬᠤᠢ ᠶᠢᠨ ᠴᠢᠨᠠᠷ ᠰᠡᠶᠢᠲᠡᠢ ᠬᠦᠭᠵᠢᠯᠲᠡ ᠶᠢᠨ ᠰᠢᠨ᠎ᠡ ᠵᠠᠮ ᠢ ᠡᠷᠢᠯᠬᠢᠯᠡᠬᠦ ᠳᠤ᠂ ︽ᠠᠮᠢ ᠠᠬᠤᠢ ᠶᠢ ᠤᠷᠢᠳ ᠢᠶᠠᠷ ᠪᠤᠳᠤᠯᠬᠢᠯᠡᠬᠤ︾ ᠶᠢ ᠡᠷᠬᠡᠪᠰᠢ ᠴᠢᠩᠭ᠎ᠠ ᠪᠠᠷᠢᠮᠲᠠᠯᠠᠬᠤ ᠬᠡᠷᠡᠭᠲᠡᠢ᠃ ᠨᠤᠲᠤᠭ ᠪᠡᠯᠴᠢᠭᠡᠷ ᠤᠨ ᠠᠮᠢ ᠠᠬᠤᠢ ᠪᠣᠯ ᠪᠡᠯᠴᠢᠬᠡᠷ ᠤᠨ ᠮᠠᠯ ᠠᠵᠤ ᠠᠬᠤᠢ ᠶᠢᠨ ᠤᠷᠤᠰᠢᠯ ᠲᠤᠭᠲᠠᠨᠢᠯ ᠪᠠ ᠬᠦᠭᠵᠢᠯᠲᠡ ᠶᠢᠨ ᠬᠠᠮᠤᠭ ᠤᠨ ᠥᠨᠳᠥᠰᠥᠨ ᠨᠦᠬᠦᠴᠡᠯ ᠮᠥᠨ᠃     ᠲᠠᠯ᠎ᠠ ᠨᠤᠲᠤᠭ ᠤᠨ ᠠᠮᠢ ᠠᠬᠤᠢ ᠶᠢ ᠰᠡᠷᠬᠦᠬᠡᠬᠦ ᠪᠠ ᠬᠠᠮᠠᠭᠠᠯᠠᠬᠤ ᠨᠢ᠂ ᠠᠳᠡ ᠤᠷᠤᠰᠢᠨ ᠲᠤᠭᠲᠠᠨᠢᠵᠤ᠂ ᠠᠵᠤ ᠲᠦᠷᠦᠨ ᠠᠮᠢᠳᠤᠷᠠᠵᠤ ᠪᠠᠶᠢᠭ᠎ᠠ ᠪᠦᠬᠦ ᠨᠡᠶᠢᠬᠡᠮ ᠤᠨ ᠠᠷᠠᠤᠨ ᠢᠷᠬᠡᠤᠨ ᠤᠨ ᠬᠠᠮᠲᠤ ᠶᠢᠨ ᠡᠬᠦᠷᠬᠡ ᠬᠠᠷᠢᠭᠤᠴᠠᠯᠭ᠎ᠠ ᠮᠥᠨ᠂ ᠵᠦᠪᠬᠡᠨ ᠨᠤᠲᠤᠭ ᠪᠡᠯᠴᠢᠬᠡᠷ ᠳᠠᠭᠠᠭᠠᠴᠢᠯᠠᠨ ᠡᠵᠡᠩᠨᠡᠵᠤ ᠪᠠᠶᠢᠭ᠎ᠠ ᠮᠠᠯᠴᠢᠤᠨ ᠤᠨ ᠡᠬᠦᠷᠬᠡ ᠬᠠᠷᠢᠭᠤᠴᠠᠯᠭ᠎ᠠ ᠲᠡᠳᠥᠢ ᠪᠤᠯᠭᠠᠵᠤ ᠪᠤᠯᠬᠤ ᠥᠬᠡᠢ᠃ ᠪᠦᠬᠦ ᠨᠡᠶᠢᠬᠡᠮ ᠢᠶᠠᠷ ᠢᠶᠠᠨ᠂ ᠬᠠᠮᠲᠤ ᠶᠢᠨ ᠤᠶᠤᠨ ᠤᠬᠠᠭᠠᠨ ᠨᠡᠶᠢᠲᠡ ᠶᠢᠨ ᠬᠥᠴᠥᠨ ᠳᠤ ᠲᠥᠰᠢᠭᠯᠡᠨ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠢᠷᠢ ᠲᠦᠪᠰᠢᠨ ᠢ ᠳᠡᠬᠡᠭᠰᠢᠯᠡᠬᠦᠯᠵᠤ᠂ ︽ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ︾᠂ ︽ᠪᠤᠬᠢᠷᠳᠤᠯ ᠥᠬᠡᠢ ᠬᠦᠭᠵᠢᠬᠦᠯᠬᠦ︾ ᠪᠠᠷ ᠤᠳᠤᠷᠢᠳᠤᠮᠵᠢ ᠪᠤᠯᠭᠠᠭᠰᠠᠨ ᠮᠠᠯᠵᠢᠯ ᠤᠨ ᠠᠷᠭ᠎ᠠ ᠵᠠᠮ ᠢ ᠡᠷᠢᠯᠭᠢᠯᠡᠭᠦ ᠬᠡᠷᠡᠭᠲᠡᠢ᠂ ᠦᠬᠡᠷᠡᠴᠢᠯᠡᠯᠲᠡ ᠬᠢᠬᠦ ᠥᠬᠡᠢ ᠪᠤᠯ ᠬᠦᠭᠵᠢᠯᠲᠡ ᠪᠠᠶᠢᠵᠤ ᠴᠢᠳᠠᠬᠤ ᠥᠬᠡᠢ︔ ᠲᠡᠷᠢᠬᠦᠨ ᠤ ᠵᠢᠱᠢᠶᠡᠴᠢ ᠬᠥᠮᠥᠰ ᠤᠨ ᠨᠡᠶᠢᠲᠡᠯᠢᠭ ᠤᠶᠢᠯᠡ ᠠᠵᠢᠯᠯᠠᠭ᠎ᠠ᠂ ᠠᠷᠭ᠎ᠠ ᠲᠤᠷᠰᠢᠯᠭ᠎ᠠ ᠶᠢ ᠰᠤᠷᠲᠠᠯᠴᠢᠯᠠᠨ ᠤᠬᠠᠭᠤᠯᠵᠤ᠂ ᠨᠡᠶᠢᠳᠡᠯᠢᠭ ᠵᠢᠱᠢᠶ᠎ᠡ ᠪᠠᠷ ᠪᠦᠬᠦ ᠲᠠᠯ᠎ᠠ ᠶᠢ ᠠᠬᠢᠭᠤᠯᠬᠤ ᠤᠴᠢᠷᠳᠠᠢ᠃ ᠮᠠᠯ ᠤᠨ ᠲᠤᠭ᠎ᠠ ᠲᠤᠯᠤᠭᠠᠢ ᠶᠢ ᠵᠥᠢ ᠵᠤᠬᠢᠰᠲᠡᠢ ᠲᠤᠬᠢᠷᠠᠭᠤᠯᠵᠤ᠂ ᠡᠬᠦᠯᠳᠡᠷ ᠤᠭᠰᠠᠭ᠎ᠠ ᠶᠢ ᠨᠢ ᠰᠢᠯᠢᠳᠡᠭᠵᠢᠬᠦᠯᠬᠦ᠂ ᠦᠪᠡᠷ ᠤᠨ ᠦᠷᠲᠡᠭ ᠢ ᠪᠠᠭᠤᠷᠠᠭᠤᠯᠬᠤ ᠳᠡᠬᠡᠷ᠎ᠡ ᠶᠡᠬᠡᠬᠡᠨ ᠬᠥᠴᠥ ᠬᠦᠯᠦᠰᠥ ᠪᠠᠨ ᠵᠠᠷᠤᠴᠠᠭᠤᠯᠬᠤ ᠬᠡᠷᠡᠭᠲᠡᠢ᠃     ᠮᠠᠯ ᠠᠵᠤ ᠠᠬᠤᠢ ᠶᠢᠨ ᠪᠦᠲᠥᠴᠡ ᠶᠢᠨ ᠴᠢᠨᠠᠷᠲᠡᠢ ᠦᠬᠡᠷᠡᠴᠢᠯᠡᠯᠲᠡ ᠶᠢ ᠥᠷᠬᠦᠯᠵᠢᠯᠡᠨ ᠬᠥᠨᠵᠡᠬᠡᠶᠢᠷᠡᠬᠦᠯᠵᠥ᠂ ᠮᠠᠯ ᠢᠶᠠᠨ ᠠᠮᠢᠳᠤ ᠪᠠᠷ ᠨᠢ ᠬᠤᠳᠠᠯᠳᠤᠵᠤ ᠪᠤᠷᠤᠯᠠᠭᠤᠯᠳᠠᠭ ᠡᠷᠲᠡᠨ ᠤ ᠤᠯᠠᠮᠵᠢᠯᠠᠯᠲᠤ ᠪᠤᠷᠤᠯᠠᠭᠤᠯᠤᠯᠲᠠ ᠶᠢᠨ ᠠᠷᠭ᠎ᠠ ᠬᠡᠯᠪᠡᠷᠢ ᠶᠢ ᠢᠳᠡᠭ ᠢᠳᠡᠭ ᠢᠶᠠᠷ ᠬᠤᠪᠢᠷᠠᠭᠤᠯᠤᠨ᠂ ᠮᠠᠯ ᠪᠠ ᠮᠠᠯ ᠤᠨ ᠢᠶᠠᠨ ᠠᠰᠢᠭ ᠰᠢᠮ᠎ᠡ ᠶᠢᠨ ᠪᠦᠳᠦᠭᠡᠭᠳᠡᠬᠦᠨ ᠢ ᠦᠪᠡᠷᠲᠡᠭᠡᠨ ᠨᠠᠷᠢᠯᠢᠭ ᠡᠳ᠋ᠰᠢᠬᠦᠯᠥᠨ ᠪᠤᠯᠪᠠᠰᠤᠷᠠᠭᠤᠯᠵᠤ᠂ ᠪᠤᠷᠤᠯᠠᠭᠤᠯᠬᠤ ᠵᠠᠮ ᠢ ᠪᠠᠶᠢᠡᠭᠭᠤ ᠬᠠᠶᠢᠬᠤ ᠤᠴᠢᠷᠳᠠᠢ ᠪᠢᠯᠡ᠃ ᠡᠨᠡ ᠪᠤᠯ ᠬᠤᠶᠢᠰᠢᠳᠠ ᠶᠢᠨ ᠮᠠᠯ ᠠᠵᠤ ᠠᠬᠤᠢ ᠶᠢᠨ ᠵᠠᠪᠠᠯ ᠶᠠᠪᠤᠬᠤ ᠵᠠᠮ ᠮᠥᠨ᠂ ᠮᠠᠯᠴᠢᠤᠨ ᠤᠨ ᠠᠰᠢᠭ ᠤᠷᠤᠯᠭ᠎ᠠ ᠪᠠᠨ ᠥᠷᠬᠦᠯᠵᠢᠯᠡᠨ ᠨᠡᠮᠡᠭᠳᠡᠬᠦᠯᠬᠦ ᠥᠨᠳᠥᠰᠥᠨ ᠠᠷᠭ᠎ᠠ ᠬᠡᠯᠪᠡᠷᠢ ᠮᠥᠨ᠃ ᠮᠠᠯ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢ ᠡᠷᠢᠯᠬᠢᠯᠡᠬᠦ ᠶᠢᠨ ᠵᠠᠩᠬᠢᠯᠠᠭ᠎ᠠ ᠶᠢᠨ ᠨᠢᠭᠡ ᠭᠤᠭᠴᠤᠭ᠎ᠠ ᠪᠤᠯᠬᠤ ᠶᠤᠮ᠃     ᠬᠥᠮᠥᠨ ᠪᠠᠶᠢᠭᠠᠯᠢ᠂ ᠤᠷᠤᠨ ᠨᠤᠲᠤᠭ᠂ ᠠᠭᠤᠷ ᠠᠮᠢᠰᠬᠤᠯ᠂ ᠡᠪᠡᠰᠥ ᠪᠡᠯᠴᠢᠬᠡᠷ ᠲᠤ ᠪᠠᠨ ᠲᠤᠬᠢᠷᠠᠭᠰᠠᠨ ᠰᠢᠯᠢᠳᠡᠭ ᠡᠬᠦᠯᠳᠡᠷ ᠤᠨ ᠮᠠᠯ ᠰᠥᠷᠥᠭ ᠮᠠᠯᠵᠢᠵᠥ᠂ ᠮᠠᠯ ᠤᠨ ᠢᠶᠠᠨ ᠮᠢᠬ᠎ᠠ᠂ ᠰᠦ᠂ ᠨᠤᠤᠰᠤ ᠨᠤᠤᠯᠤᠭᠤᠷ ᠵᠡᠷᠬᠡ ᠠᠰᠢᠭ ᠰᠢᠮ᠎ᠡ ᠶᠢ ᠦᠪᠡᠷᠳᠡᠬᠡᠨ ᠨᠠᠷᠢᠯᠢᠭ ᠡᠳ᠋ᠰᠢᠬᠦᠯᠥᠨ ᠪᠤᠯᠪᠠᠰᠤᠷᠠᠭᠤᠯᠵᠤ᠂ ᠦᠪᠡᠷᠰᠡᠤᠨ ᠢᠶᠠᠨ ᠵᠠᠬ᠎ᠠ ᠳᠡᠯᠬᠡᠬᠦᠷ ᠲᠤ ᠭᠠᠷᠭᠠᠵᠤ᠂ ᠦᠪᠡᠷᠰᠡᠤᠨ ᠢᠶᠠᠨ ᠪᠤᠷᠤᠯᠠᠭᠤᠯᠤᠨ᠎ᠠ᠃ ᠰᠦ ᠰᠠᠭᠠᠯᠢ ᠶᠢᠨ ᠪᠤᠯᠪᠠᠰᠤᠷᠠᠭᠤᠯᠤᠯᠲᠠ᠂ ᠪᠤᠷᠤᠯᠠᠭᠤᠯᠤᠯᠲᠠ ᠶᠢ ᠦᠪᠡᠷᠰᠡᠤᠨ ᠢᠶᠠᠨ ᠡᠷᠬᠢᠯᠡᠵᠥ᠂ ᠮᠠᠰᠢ ᠰᠡᠶᠢᠨ ᠠᠵᠤ ᠠᠬᠤᠢ ᠶᠢᠨ ᠥᠷ᠎ᠡ ᠠᠰᠢᠭ ᠡᠭᠦᠳᠦᠭᠰᠡᠨ ᠠᠷᠭ᠎ᠠ ᠲᠤᠷᠰᠢᠯᠭ᠎ᠠ ᠨᠤᠭᠤᠳ ᠢ ᠨᠠᠷᠢᠨ ᠬᠢᠨᠠᠮᠠᠭᠠᠢ ᠳ᠋ᠥᠡᠭᠨᠡᠨ ᠳᠡᠯᠬᠡᠷᠡᠬᠦᠯᠬᠦ ᠪᠠᠷ ᠳᠠᠮᠵᠢᠨ᠂ ᠠᠯᠬᠤᠮ ᠠᠯᠬᠤᠮ ᠢᠶᠠᠷ ᠮᠠᠯ ᠤᠨ ᠢᠶᠠᠨ ᠮᠢᠬ᠎ᠠ᠂ ᠨᠤᠤᠰᠤ ᠨᠣᠣᠯᠣᠷ ᠢ ᠦᠪᠠᠷᠰᠡᠤᠨ ᠢᠶᠠᠨ ᠡᠳ᠋ᠰᠢᠬᠦᠯᠥᠨ ᠪᠤᠯᠪᠠᠰᠤᠷᠠᠭᠤᠯᠵᠤ ᠪᠤᠷᠤᠯᠠᠭᠤᠯᠬᠤ ᠳᠤ ᠬᠦᠷᠪᠡᠯ ᠬᠦᠭᠵᠢᠯᠳᠠ ᠶᠢᠨ ᠤᠷᠤᠨ ᠵᠠᠢ ᠮᠠᠰᠢ ᠶᠡᠭᠡ ᠪᠤᠢ᠃     ᠶᠠᠮᠠᠷᠪᠠ ᠠᠵᠢᠯ ᠤᠶᠢᠯᠡᠰ ᠤᠨ ᠡᠬᠢᠯᠡᠯᠲᠡ ᠨᠢ ᠬᠥᠴᠢᠷ ᠲᠦᠪᠡᠭ ᠲᠠᠢ ᠪᠠᠶᠢᠳᠠᠭ ᠴᠦ ᠤᠯᠠᠨ ᠤ ᠤᠬᠠᠭᠠᠨ᠂ ᠨᠡᠶᠢᠲᠡ ᠶᠢᠨ ᠬᠥᠴᠥᠨ ᠳᠤ ᠠᠭᠤᠯᠠ ᠨᠡᠬᠦᠳᠡᠭ ᠶᠤᠰᠤ ᠪᠤᠢ᠃ ᠮᠠᠯ ᠠᠵᠤ ᠠᠬᠤᠢ ᠶᠢᠨ ᠲᠤᠮᠤ ᠡᠷᠥᠬᠡ᠂ ᠡᠯ᠎ᠡ ᠲᠦᠷᠦᠯ ᠤᠨ ᠬᠤᠷᠰᠢᠭᠰᠠᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ᠂ ᠬᠤᠷᠰᠢᠶᠠᠵᠢᠯ᠂ ᠬᠤᠶᠠᠳᠤᠭᠠᠷ᠂ ᠭᠤᠷᠪᠠᠳᠤᠭᠠᠷ ᠠᠵᠤ ᠠᠬᠤᠶᠢᠯᠠᠯ ᠤᠨ ᠡᠵᠡᠨᠲᠡᠤᠨ ᠥᠯᠢᠬᠡᠷ ᠳᠠᠭᠤᠷᠢᠶᠠᠯ᠂ ᠳᠠᠭᠠᠭᠤᠯᠬᠤ ᠤᠶᠢᠯᠡᠳᠥᠯ ᠥᠵᠡᠬᠦᠯᠬᠦ ᠴᠢᠬᠤᠯᠠᠳᠠᠢ᠃ ᠪᠦᠬᠦ ᠳᠠᠯ᠎ᠠ ᠪᠠᠷ ᠬᠦᠴᠦ ᠪᠠᠨ ᠬᠠᠮᠳᠤᠳᠬᠠᠨ ᠠᠵᠢᠯᠯᠠᠪᠠᠯ ᠮᠠᠰᠢ ᠰᠠᠶᠢᠨ ᠰᠠᠭᠤᠷᠢ ᠨᠦᠬᠦᠴᠡᠯ ᠲᠠᠢ ᠰᠢᠯᠢ ᠨᠤᠲᠤᠭ ᠤᠨ ᠮᠠᠯ ᠠᠵᠤ ᠠᠬᠤᠢ ᠮᠠᠨᠢ ᠬᠦᠭᠵᠢᠯᠳᠡ ᠶᠢᠨ ᠰᠢᠨ᠎ᠡ ᠳᠡᠭᠳᠡᠷ ᠲᠤ ᠠᠮᠠᠷᠬᠠᠨ ᠭᠠᠷᠴᠦ ᠪᠤᠯᠬᠤ ᠶᠤᠮ
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号