ᠤᠷᠤᠨ ᠨᠤᠳᠤᠭ ᠤᠨ ᠤᠨᠴᠠᠯᠢᠭ ᠢᠶᠠᠨ ᠪᠠᠳᠠᠷᠠᠭᠤᠯᠵᠦ ᠬᠦᠭᠵᠢᠯᠳᠡ ᠶᠢ ᠡᠷᠢᠯᠬᠢᠯᠡᠨ᠎ᠠ
ᠨᠡᠶᠢᠲᠡᠯᠡᠭᠰᠡᠨ ᠴᠠᠭ᠄
2021/9/26
    ᠰᠢᠯᠣᠭᠤᠨ ᠬᠦᠪᠡᠭᠡᠳᠦ ᠴᠠᠭᠠᠨ ᠬᠤᠰᠢᠭᠤ ᠴᠠᠭᠠᠨ ᠢᠳᠡᠭᠡᠨ ᠤ ᠠᠵᠦ ᠦᠢᠯᠡᠰ ᠢ ᠬᠦᠭᠵᠢᠬᠦᠯᠬᠦ ᠠᠵᠠ ᠲᠤᠬᠢᠶᠠᠯ ᠢ ᠴᠢᠳᠠᠮᠠᠭᠠᠢ ᠡᠵᠡᠮᠳᠡᠵᠦ᠂ ᠤᠷᠤᠨ ᠨᠤᠳᠤᠭ ᠤᠨ ᠤᠨᠴᠠᠯᠢᠭ ᠢᠶᠠᠨ ᠪᠠᠳᠠᠷᠠᠭᠤᠯᠵᠦ᠂ ᠪᠡᠯᠡ ᠣᠷᠣᠭᠤᠯᠣᠯᠳᠠ ᠶᠢᠨ ᠡᠷᠴᠢᠮ ᠢ ᠴᠢᠩᠭᠠᠷᠠᠭᠤᠯᠵᠦ᠂ ᠶᠠᠰᠣ ᠴᠢᠨᠠᠷ ᠤᠨ ᠬᠠᠮᠢᠶᠠᠷᠣᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠵᠦ᠂ ᠦᠨᠳᠦᠰᠦᠳᠡᠨ ᠤ ᠣᠯᠠᠮᠵᠢᠯᠠᠯᠳᠣ ᠴᠠᠭᠠᠨ ᠢᠳᠡᠭᠡᠨ ᠤ ᠠᠵᠦ ᠦᠢᠯᠡᠰ ᠤᠨ ᠲᠡᠰ ᠲᠡᠪᠰᠢᠯᠳᠡ ᠪᠠ ᠴᠢᠨᠠᠷ ᠰᠠᠶᠢᠳᠠᠢ ᠬᠦᠭᠵᠢᠯᠳᠡ ᠶᠢ ᠬᠦᠴᠦᠳᠡᠢ ᠠᠬᠢᠭᠤᠯᠵᠣ ᠪᠠᠶᠢᠨ᠎ᠠ᠃     ᠰᠢᠯᠣᠭᠤᠨ ᠬᠦᠪᠡᠭᠡᠳᠦ ᠴᠠᠭᠠᠨ ᠬᠤᠰᠢᠭᠤᠨ ᠤ ︽ᠠᠩᠬᠢᠯᠣᠮ᠎ᠠ ᠰᠦ︾ ᠴᠠᠭᠠᠨ ᠢᠳᠡᠭᠡᠨ ᠤ ᠬᠢᠵᠠᠭᠠᠷᠳᠣ ᠺᠣᠮᠫᠠᠨᠢ ᠨᠢ 3600 ᠬᠠᠪᠳᠠᠭᠠᠢ ᠲᠦᠷᠪᠡᠯᠵᠢᠨ  ᠮᠧᠲᠷ ᠲᠠᠯᠠᠪᠠᠢ ᠲᠠᠢ ᠪᠠᠶᠢᠵᠦ᠂ ᠡᠭᠦᠨ ᠳᠤ ᠪᠠᠷᠢᠯᠭ᠎ᠠ ᠶᠢᠨ ᠲᠠᠯᠠᠪᠠᠢ ᠨᠢ 900 ᠬᠠᠪᠳᠠᠭᠠᠢ ᠲᠦᠷᠪᠡᠯᠵᠢᠨ  ᠮᠧᠲᠷ ᠲᠤ ᠬᠦᠷᠴᠦ᠂ ᠡᠳᠦᠷ ᠤᠨ ᠡᠳ᠋ᠰᠢᠬᠦᠯᠬᠦ ᠰᠦᠨ ᠤ ᠬᠡᠮᠵᠢᠶ᠎ᠡ ᠨᠢ 8 ᠲᠣᠨ᠂ ᠵᠢᠯ ᠤᠨ ᠡᠳ᠋ᠰᠢᠬᠦᠯᠬᠦ ᠰᠦᠨ ᠤ ᠬᠡᠮᠵᠢᠶ᠎ᠡ ᠨᠢ 2000 ᠲᠣᠨ ᠳᠤ ᠬᠦᠷᠴᠦ᠂ ᠬᠤᠷᠣᠳ᠂ ᠠᠭᠠᠷᠣᠣᠯ᠂ ᠰᠢᠷ᠎ᠠ ᠲᠣᠰᠣ᠂ ᠴᠦᠴᠦᠬᠡᠢ᠂ ᠰᠢᠷ᠎ᠠ ᠣᠰᠣᠨ ᠤ ᠰᠢᠬᠢᠷ᠂ ᠨᠡᠷᠡᠮᠡᠯ ᠠᠷᠢᠬᠢ ᠵᠡᠷᠭᠡ ᠭᠤᠴᠢᠭᠠᠳ ᠵᠦᠢᠯ ᠤᠨ ᠴᠠᠭᠠᠨ ᠢᠳᠡᠭᠡ ᠡᠳ᠋ᠰᠢᠬᠦᠯᠦᠨ᠂ ᠪᠦᠬᠦ ᠣᠯᠣᠰ ᠤᠨ ᠡᠯ᠎ᠡ ᠭᠠᠵᠠᠷ ᠲᠤ ᠪᠣᠷᠣᠯᠠᠭᠤᠯᠬᠤ ᠶᠢᠨ ᠬᠠᠮᠳᠣ ᠦᠪᠡᠷᠳᠡᠭᠡᠨ ᠰᠦ ᠬᠤᠷᠢᠶᠠᠬᠤ ᠦᠷᠳᠡᠭᠡ ᠪᠠᠶᠢᠭᠤᠯᠵᠣ᠂ ᠮᠢᠩᠭᠠᠳᠣ ᠪᠠᠯᠭᠠᠰᠣᠨ ᠤ ᠣᠶᠢᠷ᠎ᠠ ᠬᠠᠪᠢ ᠶᠢᠨ ᠦᠨᠢᠶ᠎ᠡ ᠮᠠᠯᠵᠢᠵᠦ ᠪᠠᠶᠢᠬᠤ ᠮᠠᠯᠴᠢᠨ ᠡᠷᠦᠬᠡ ᠶᠢᠨ ᠦᠨᠢᠶᠡᠨ ᠰᠦ ᠶᠢ ᠬᠤᠳᠠᠯᠳᠣᠨ ᠠᠪᠴᠦ᠂ ᠰᠦᠨ ᠤ ᠢᠷᠡᠯᠳᠡ ᠪᠠᠨ ᠪᠠᠳᠣᠯᠠᠵᠦ᠂ ᠠᠯᠭᠤᠷ ᠢᠶᠠᠷ ︽ᠠᠵᠦ ᠠᠬᠤᠶᠢᠯᠠᠯ + ᠰᠠᠭᠤᠷᠢᠨ ᠭᠠᠵᠠᠷ + ᠮᠠᠯᠵᠢᠬᠤ ᠲᠠᠷᠢᠶᠠᠯᠠᠬᠤ ᠡᠷᠦᠬᠡ︾ ᠪᠠ ︽ᠦᠢᠯᠡᠳᠪᠦᠷᠢᠯᠡᠬᠦ᠂ ᠡᠳ᠋ᠰᠢᠬᠦᠯᠬᠦ᠂ ᠪᠣᠷᠣᠯᠠᠭᠤᠯᠬᠤ︾ ᠶᠢ ᠨᠢᠭᠡ ᠴᠣᠭᠴᠠᠵᠢᠭᠤᠯᠣᠭᠰᠠᠨ ᠠᠵᠦ ᠦᠢᠯᠡᠰᠵᠢᠭᠰᠡᠨ ᠡᠵᠡᠩᠨᠡᠯᠳᠡ ᠶᠢᠨ ᠵᠠᠭᠪᠣᠷ ᠢ ᠪᠦᠷᠢᠯᠳᠦᠬᠦᠯᠵᠡᠢ᠃ ︽ᠠᠩᠬᠢᠯᠤᠮ᠎ᠠ ᠰᠦ︾ ᠴᠠᠭᠠᠨ ᠢᠳᠡᠭᠡᠨ ᠤ ᠬᠢᠵᠠᠭᠠᠷᠳᠤ ᠺᠤᠮᠫᠠᠨᠢ ᠶᠢᠨ ᠭᠡᠷᠡᠭ ᠮᠡᠳᠡᠭᠴᠢᠳ ᠤᠨ ᠲᠠᠷᠤᠭ᠎ᠠ ᠠᠯᠳᠠᠨᠴᠢᠮᠡᠭ᠄ ︽ᠨᠠᠮ ᠵᠠᠰᠠᠭ ᠠᠴᠠ ᠪᠢᠳᠡᠨ ᠳᠤ ᠶᠡᠭᠡ ᠬᠠᠯᠠᠮᠵᠢᠯᠠᠯ ᠬᠦ᠋ᠷᠳᠡᠭᠡᠵᠦ ᠪᠠᠶᠢᠨ᠎ᠠ᠂ ᠦᠢᠯᠡᠳᠪᠦᠷᠢᠯᠡᠯ ᠤᠨ ᠲᠠᠰᠤᠭ᠂ ᠮᠠᠰᠢᠨ ᠲᠤᠨᠤᠭ ᠢ ᠪᠠᠷᠢᠮᠵᠢᠶᠡᠨ ᠳᠤ ᠬᠦᠷᠭᠡᠬᠦ ᠲᠠᠯ᠎ᠠ ᠪᠠᠷ ᠵᠢᠭᠠᠨ ᠵᠢᠯᠤᠭᠤᠳᠴᠦ᠂ ᠴᠠᠭᠠᠨ ᠢᠳᠡᠭᠡᠨ ᠤ ᠦᠢᠯᠡᠰ ᠢ ᠬᠦᠭᠵᠢᠬᠦᠯᠬᠦ ᠳᠤ ᠮᠠᠰᠢ ᠶᠡᠭᠡ ᠲᠡᠮᠵᠢᠯᠭᠡ ᠦᠵᠡᠬᠦᠯᠦᠯ᠎ᠠ᠃ ᠪᠢᠳᠡ ᠴᠠᠭᠠᠨ ᠢᠳᠡᠭᠡ ᠪᠠᠨ ᠨᠡᠩ ᠤᠯᠠᠨ ᠭᠠᠵᠠᠷ ᠤᠷᠤᠨ ᠳᠤ ᠲᠠᠨᠢᠭᠤᠯᠬᠤ ᠪᠠᠷ ᠴᠢᠷᠮᠠᠶᠢᠨ᠎ᠠ︾ ᠭᠡᠵᠦ ᠭᠡᠯᠡᠯ᠎ᠠ᠃     ᠰᠢᠯᠣᠭᠤᠨ ᠬᠦᠪᠡᠭᠡᠳᠦ ᠴᠠᠭᠠᠨ ᠬᠤᠰᠢᠭᠤᠨ ᠤ ᠪᠣᠯᠠᠭᠠᠨᠲᠣᠬᠤᠢ ᠰᠣᠮᠣᠨ ᠤ ᠦᠵᠡᠩᠳᠡᠢ ᠭᠠᠴᠠᠭᠠᠨ ᠤ ᠮᠠᠯᠴᠢᠨ ᠠᠷᠢᠭᠤᠠᠪᠠᠶᠠᠷ ᠴᠠᠭᠠᠨ ᠢᠳᠡᠭᠡ ᠡᠳ᠋ᠰᠢᠬᠦᠯᠦᠨ ᠪᠣᠷᠣᠯᠠᠭᠤᠯᠬᠤ ᠪᠠᠷ ᠭᠤᠣᠯᠳᠠᠭᠰᠠᠨ ︽ᠠᠷᠢᠭᠤᠨ︾ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠪᠠᠶᠢᠭᠤᠯᠵᠣ᠂ ᠬᠤᠷᠢᠭᠠᠳ ᠰᠠᠭᠠᠯᠢ ᠶᠢᠨ ᠦᠨᠢᠶ᠎ᠠ ᠮᠠᠯᠵᠢᠵᠦ᠂ ᠤᠳᠤ ᠠᠷᠪᠠᠭᠠᠳ ᠢ ᠰᠠᠭᠠᠵᠦ ᠪᠠᠶᠢᠭ᠎ᠠ ᠶᠤᠮ᠃ ᠭᠡᠷᠭᠡᠢ ᠡᠷᠳᠡᠨᠢᠴᠢᠮᠡᠭ ᠨᠢ ᠴᠠᠭᠠᠨ ᠢᠳᠡᠭᠡ ᠬᠢᠬᠦ ᠣᠷ᠎ᠠ ᠮᠡᠷᠭᠡᠵᠢᠯ ᠢᠶᠠᠨ ᠲᠠᠰᠣᠷᠠᠯᠳᠠ ᠦᠭᠡᠢ ᠲᠡᠭᠡᠭᠰᠢᠯᠡᠬᠦᠯᠬᠦ ᠶᠢᠨ ᠬᠠᠮᠳᠣ ᠵᠣᠷᠢᠭᠳᠠᠢ ᠪᠠᠷ ᠰᠢᠨ᠎ᠡ ᠶᠢ ᠡᠭᠦᠳᠴᠦ᠂ ᠣᠯᠠᠮᠵᠢᠯᠠᠯᠳᠣ ᠴᠠᠭᠠᠨ ᠢᠳᠡᠭᠡᠨ ᠤ ᠰᠠᠭᠤᠷᠢᠨ ᠲᠡᠭᠡᠷ᠎ᠡ ᠵᠢᠮᠢᠰ ᠬᠠᠪᠴᠢᠭᠤᠯᠣᠭᠰᠠᠨ ᠣᠯᠠᠨ ᠵᠦᠢᠯ ᠤᠨ ᠦᠨᠦᠷ ᠠᠮᠳᠠᠳᠣ ᠦᠷᠦᠮ᠎ᠡ᠂ ᠰᠦᠨ ᠰᠢᠬᠢᠷ᠂ ᠰᠢᠷ᠎ᠠ ᠣᠰᠣᠨ ᠤ ᠣᠮᠳᠠᠭᠠᠨ ᠵᠡᠷᠭᠡ ᠬᠤᠷᠢᠭᠠᠳ ᠵᠦᠢᠯ ᠤᠨ ᠰᠢᠨ᠎ᠡ ᠮᠠᠶ᠋ᠢᠭ ᠤᠨ ᠴᠠᠭᠠᠨ ᠢᠳᠡᠭᠡ ᠶᠢ ᠬᠢᠵᠦ᠂ ᠬᠡᠷᠡᠭᠯᠡᠭᠴᠢᠳ ᠤᠨ ᠬᠠᠯᠠᠭᠤᠨ ᠬᠦᠷᠢᠶᠡᠯᠡᠯ ᠢ ᠣᠯᠵᠤ᠂ ᠪᠣᠷᠣᠯᠠᠭᠤᠯᠭ᠎ᠠ ᠨᠢ ᠡᠳᠦᠷ ᠠᠴᠠ ᠡᠳᠦᠷ ᠰᠠᠶᠢᠵᠢᠷᠠᠵᠠᠢ᠃     ᠲᠤᠰ ᠬᠤᠰᠢᠭᠤ ᠤᠢᠢᠷ᠎ᠠ ᠶᠢᠨ ᠬᠤᠶᠠᠷ ᠵᠢᠯ ᠴᠠᠭᠠᠨ ᠢᠳᠡᠭᠡᠨ ᠤ ᠵᠢᠵᠢᠭ ᠦᠢᠯᠡᠳᠭᠡᠯ ᠤᠨ ᠭᠠᠵᠠᠷ ᠪᠠ ᠮᠠᠯᠵᠢᠯ ᠤᠨ ᠲᠠᠯᠠᠪᠠᠢ ᠶᠢ ᠲᠡᠮᠵᠢᠬᠦ ᠪᠤᠳᠠᠳᠠᠢ ᠠᠷᠭ᠎ᠠ ᠭᠡᠮᠵᠢᠶ᠎ᠠ ᠠᠪᠴᠦ᠂ ᠪᠡᠯᠡ ᠤᠷᠤᠭᠤᠯᠤᠯᠳᠠ ᠪᠠᠨ ᠨᠡᠮᠡᠭᠳᠡᠬᠦᠯᠵᠦ᠂ ᠠᠶᠢᠮᠠᠭ ᠤᠨ 756 ᠲᠦᠮᠡᠨ ᠲᠦᠭᠦᠷᠢᠭ ᠤᠨ ᠪᠡᠯᠡ ᠮᠦᠡᠭᠬᠦ᠂ ᠬᠤᠰᠢᠭᠤᠨ ᠤ 300 ᠲᠦᠮᠡᠨ ᠲᠦᠭᠦᠷᠢᠭ ᠤᠨ ᠪᠡᠯᠡ ᠮᠦᠡᠭᠬᠦ ᠶᠢ ᠠᠰᠢᠭᠯᠠᠵᠦ᠂ ᠴᠠᠭᠠᠨ ᠢᠳᠡᠭᠡᠨ ᠤ ᠠᠵᠦ ᠦᠢᠯᠡᠰ ᠤᠨ ᠬᠦᠭᠵᠢᠯᠳᠡ ᠳᠤ ᠬᠦᠴᠦᠨ ᠨᠡᠮᠡᠷᠢᠯᠡᠪᠡ᠃ ᠣᠶᠢᠯᠠᠭᠠᠭᠰᠠᠨ ᠢᠶᠠᠷ᠂ ᠰᠢᠯᠣᠭᠤᠨ ᠬᠦᠪᠡᠭᠡᠳᠦ ᠴᠠᠭᠠᠨ ᠬᠤᠰᠢᠭᠤᠨ ᠳᠤ ᠣᠳᠣᠬᠠᠨ ᠳᠤ ᠣᠯᠠᠮᠵᠢᠯᠠᠯᠳᠣ ᠴᠠᠭᠠᠨ ᠢᠳᠡᠭᠡ ᠡᠳ᠋ᠰᠢᠬᠦᠯᠦᠨ ᠪᠣᠷᠣᠯᠠᠭᠤᠯᠬᠤ ᠵᠢᠵᠢᠭ ᠭᠠᠷ ᠦᠢᠯᠡᠳᠭᠡᠯ ᠤᠨ ᠭᠠᠵᠠᠷ 56 ᠪᠠᠶᠢᠵᠦ᠂ 2 ᠨᠢ ᠲᠠᠸᠠᠷ ᠤᠨ ᠲᠡᠮᠳᠡᠭ ᠲᠠᠩᠰᠠᠯᠠᠭᠤᠯᠵᠠᠢ᠃ ᠣᠶᠢᠷ᠎ᠠ ᠶᠢᠨ ᠵᠢᠯ ᠠᠴᠠ ᠨᠠᠭᠠᠰᠢ᠂ ᠰᠢᠯᠣᠭᠤᠨ ᠬᠦᠪᠡᠭᠡᠳᠦ ᠴᠠᠭᠠᠨ ᠬᠤᠰᠢᠭᠤ ︽ᠰᠢᠯᠢ ᠶᠢᠨ ᠭᠤᠣᠯ ᠤᠨ ᠴᠠᠭᠠᠨ ᠢᠳᠡᠭᠡᠨ︾ ᠤ ᠣᠷᠣᠨ ᠨᠣᠳᠤᠭ ᠤᠨ ᠨᠡᠶᠢᠳᠡ ᠶᠢᠨ ᠬᠡᠷᠡᠭᠯᠡᠭᠡᠨ ᠤ ᠲᠦᠷᠦᠯ ᠲᠡᠮᠳᠡᠭᠳᠦ ᠶᠢ ᠲᠦᠯᠬᠢᠨ ᠠᠬᠢᠭᠤᠯᠵᠣ ᠲᠦᠭᠡᠮᠡᠯᠵᠢᠬᠦᠯᠬᠦ ᠪᠠᠷ ᠠᠵᠠ ᠲᠣᠬᠢᠶᠠᠯ ᠪᠣᠯᠭᠠᠵᠦ᠂ ︽ᠰᠢᠯᠣᠭᠤᠨ ᠬᠦᠪᠡᠭᠡᠳᠦ ᠴᠠᠭᠠᠨ ᠬᠤᠰᠢᠭᠤᠨ ᠤ ᠦᠨᠳᠦᠰᠦᠳᠡᠨ ᠤ ᠣᠯᠠᠮᠵᠢᠯᠠᠯᠳᠣ ᠴᠠᠭᠠᠨ ᠢᠳᠡᠭᠡᠨ︾ ᠪ᠊ ᠲᠦᠷᠦᠯ ᠲᠡᠮᠳᠡᠭᠳᠦ ᠶᠢᠨ ᠨᠡᠷ᠎ᠡ ᠠᠯᠳᠠᠷᠰᠢᠯ ᠪᠠ ᠨᠦᠯᠦᠭᠡᠯᠡᠬᠦ ᠬᠦᠴᠦᠨ ᠢ ᠲᠡᠭᠡᠭᠰᠢᠯᠡᠬᠦᠯᠦᠨ᠂ ᠵᠢᠵᠢᠭ ᠭᠠᠷ ᠦᠢᠯᠡᠳᠭᠡᠯ ᠤᠨ ᠭᠠᠵᠠᠷ ᠢ ︽ᠵᠢᠵᠢᠭ᠂ ᠨᠠᠷᠢᠯᠢᠭ᠂ ᠰᠢᠯᠢᠳᠡᠭ︾ ᠲᠡᠶᠢᠰᠢ ᠲᠡᠰᠵᠢᠬᠦᠯᠦᠨ ᠰᠠᠶᠢᠵᠢᠷᠠᠭᠤᠯᠬᠤ ᠪᠠᠷ ᠲᠠᠮᠵᠢᠭᠤᠯᠵᠣ᠂ ᠣᠳᠣ ᠨᠢᠭᠡᠨᠳᠡ ᠠᠷᠪᠠᠭᠠᠳ ᠵᠢᠵᠢᠭ ᠭᠠᠷ ᠦᠢᠯᠡᠳᠭᠡᠯ ᠤᠨ ᠭᠠᠵᠠᠷ ᠢ ᠪᠦᠬᠦ ᠬᠤᠰᠢᠭᠤᠨ ᠤ ᠴᠠᠭᠠᠨ ᠢᠳᠡᠭᠡᠨ ᠤ ᠠᠵᠦ ᠦᠢᠯᠡᠰ ᠤᠨ ᠬᠦᠭᠵᠢᠯᠳᠡ ᠶᠢᠨ ᠵᠢᠱᠢᠶᠡᠴᠢ ᠲᠠᠭᠤᠷᠢᠶᠠᠯ ᠡᠷᠦᠬᠡ ᠪᠣᠯᠭᠠᠵᠠᠢ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号