ᠠᠶᠢᠮᠠᠭ ᠤᠨ ᠳᠡᠳ᠋ ᠳᠠᠷᠤᠭ᠎ᠠ  ᠵᠢᠶ ᠬᠦᠶ ᠯᠢ
ᠨᠡᠶᠢᠲᠡᠯᠡᠭᠰᠡᠨ ᠴᠠᠭ᠄
2021/9/27
ᠲᠣᠪᠴᠢ ᠨᠠᠮᠳᠠᠷ      ᠵᠢᠶ ᠬᠦᠶ ᠯᠢ᠂ ᠡᠮᠡᠭᠲᠡᠶ᠂ ᠮᠣᠩᠭᠤᠯ ᠦᠨᠳᠦᠰᠦᠲᠡᠨ᠂ 1975 ᠣᠨ ᠤ 10 ᠳ᠋ᠣᠭᠠᠷ ᠰᠠᠷ᠎ᠠ ᠳᠤ ᠳᠦᠷᠦᠵᠡᠶ ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠠᠷᠠᠳᠴᠢᠯᠠᠭᠰᠠᠨ ᠬᠤᠯᠪᠣᠭᠠᠨ ᠤ ᠭᠡᠰᠢᠭᠦᠨ᠂ 1999 ᠣᠨ ᠤ 7 ᠳ᠋ᠣᠭᠠᠷ ᠰᠠᠷ᠎ᠠ ᠳᠤ ᠠᠵᠢᠯ ᠤᠨ ᠪᠠᠶᠢᠷᠢᠨ ᠳᠤ ᠭᠠᠷᠴᠠᠢ᠂ ᠣᠲᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠤᠯ ᠠᠶᠢᠮᠠᠭ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠣᠢ᠃  ᠦᠩᠭᠡᠷᠡᠭᠰᠡᠨ ᠎ ᠳᠤ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠩᠴᠧᠩ ᠰᠢᠶᠠᠨ ᠤ ᠴᠧᠩ ᠭᠤᠸᠠᠨ ᠪᠠᠯᠭᠠᠰᠤᠨ ᠤ ᠳᠡᠳ᠋ ᠳᠠᠷᠤᠭ᠎ᠠ᠂ ᠨᠢᠩᠴᠧᠩ ᠰᠢᠶᠠᠨ ᠤ ᠦᠢᠯᠡᠳᠪᠦᠷᠢ ᠬᠤᠳᠠᠯᠳᠤᠭᠠᠨ ᠤ  ᠬᠤᠯᠪᠣᠭᠠᠨ ᠤ ᠳᠡᠳ᠋ ᠳᠠᠷᠤᠭ᠎ᠠ᠂ ᠤᠯᠠᠭᠠᠨᠬᠠᠳᠠ ᠬᠤᠳᠠ ᠶᠢᠨ ᠡᠪᠯᠡᠯ ᠤᠨ ᠬᠤᠷᠢᠶᠠᠨ ᠤ ᠳᠡᠳ᠋ ᠱᠦᠵᠢ᠂ ᠪᠠᠭᠠᠴᠤᠳ ᠤᠨ ᠠᠵᠢᠯ ᠤᠨ ᠵᠦᠪᠯᠡᠯ ᠤᠨ ᠡᠷᠬᠢᠯᠡᠭᠴᠢ᠂ ᠠᠤᠬᠠᠨ ᠬᠤᠰᠢᠭᠤᠨ ᠤ ᠳᠡᠳ᠋ ᠳᠠᠷᠤᠭ᠎ᠠ᠂ ᠬᠠᠷᠠᠴᠢᠨ ᠬᠤᠰᠢᠭᠤᠨ ᠤ ᠳᠡᠳ᠋ ᠳᠠᠷᠤᠭ᠎ᠠ ︵ᠡᠨᠡ ᠬᠤᠭᠤᠴᠠᠭᠠᠨ ᠳᠤ᠄  ᠪᠡᠭᠡᠵᠢᠩ ᠬᠤᠲᠠ ᠶᠢᠨ ᠰᠢᠴᠧᠩ ᠲᠣᠭᠤᠷᠢᠭ ᠤᠨ ᠡᠷᠡᠭᠦᠯ ᠬᠠᠮᠠᠭᠠᠯᠠᠯ ᠤᠨ ᠲᠣᠪᠴᠢᠶᠠᠨ ᠤ ᠳᠡᠳ᠋ ᠳᠠᠷᠤᠭ᠎ᠠ ᠶᠢᠨ ᠲᠤᠰᠢᠶᠠᠯ ᠢ ᠲᠦᠷ ᠡᠭᠦᠷᠭᠡᠯᠡᠪᠡ︶᠂ ᠤᠯᠠᠭᠠᠨᠬᠠᠳᠠ ᠬᠤᠳᠠ ᠶᠢᠨ ᠦᠢᠯᠡᠳᠪᠦᠷᠢ ᠬᠤᠳᠠᠯᠳᠤᠭᠠᠨ ᠤ  ᠬᠤᠯᠪᠣᠭᠠᠨ ᠤ ᠲᠡᠷᠢᠭᠦᠯᠡᠭᠴᠢ ᠶᠢᠨ ᠲᠤᠰᠢᠶᠠᠯ ᠨᠤᠭᠤᠳ ᠢ ᠡᠭᠦᠷᠭᠡᠯᠡᠵᠣ ᠪᠠᠶᠢᠵᠠᠢ᠃ᠠᠵᠢᠯ ᠤᠨ ᠬᠤᠪᠢᠶᠠᠷᠢᠯᠠᠯ      ᠠᠶᠢᠮᠠᠭ ᠤᠨ ᠳᠠᠷᠤᠭ᠎ᠠ ᠶᠢ ᠬᠠᠮᠵᠢᠨ ᠨᠡᠶᠢᠭᠡᠮ ᠤᠨ ᠬᠦᠭᠵᠢᠬᠦᠯᠦᠯᠳᠡ ᠶᠢᠨ ᠬᠦᠷᠢᠶ᠎ᠡ ᠴᠠᠷᠠᠭ᠎ᠠ᠂ ᠠᠷᠠᠳ ᠤᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠶ ᠲᠦᠯᠦᠪᠵᠢᠭᠦᠯᠦᠨ᠎ᠡ᠃ ᠠᠶᠢᠮᠠᠭ ᠎ ᠤᠨ ᠠᠷᠠᠳ ᠎ ᠤᠨ ᠶᠠᠪᠤᠳᠠᠯ  ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠥᠪᠯᠡᠯ ︵ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠭᠡ ᠣᠷᠣᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ︶᠂ ᠴᠡᠷᠢᠭ ᠎ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠡᠮ ᠡᠮᠨᠡᠯᠭᠡ ᠶᠢᠨ  ᠪᠠᠳᠣᠯᠠᠭᠠᠨ ᠤ ᠲᠣᠪᠴᠢᠶ᠎ᠠ ᠵᠡᠷᠭᠡ ᠶᠢ ᠬᠤᠪᠢᠳᠠᠨ ᠬᠠᠮᠢᠶᠠᠷᠤᠨ᠎ᠠ᠃ ᠰᠢᠯᠢ ᠶᠢᠨ ᠭᠤᠤᠯ ᠴᠡᠷᠢᠭ ᠤᠨ ᠬᠤᠪᠢᠶᠠᠷᠢ ᠲᠣᠭᠤᠷᠢᠭ᠂ ᠠᠶᠢᠮᠠᠭ ᠤᠨ ᠨᠠᠮ ᠤᠨ ᠬᠤᠷᠢᠶᠠᠨ ᠤ ᠠᠬᠠᠮᠠᠳ ᠺᠠᠳ᠋ᠷ ᠤᠨ ᠲᠣᠪᠴᠢᠶ᠎ᠠ᠂ ᠠᠶᠢᠮᠠᠭ ᠤᠨ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠰᠢᠯᠢ ᠶᠢᠨ ᠭᠤᠤᠯ ᠠᠶᠢᠮᠠᠭ ᠤᠨ ᠬᠤᠷᠢᠶ᠎ᠡ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠠᠢ ᠬᠠᠷᠢᠯᠴᠠᠨ᠎ᠠ᠃ ᠠᠶᠢᠮᠠᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号