ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ
ᠨᠡᠶᠢᠲᠡᠯᠡᠭᠰᠡᠨ ᠴᠠᠭ᠄
2021/9/27
ᠲᠣᠪᠴᠢ ᠨᠠᠮᠲᠠᠷ        ᠪᠦᠦ ᠯᠢ ᠬᠤᠸᠠ᠂ ᠡᠮᠡᠭᠲᠡᠢ᠂ ᠮᠣᠩᠭᠤᠯ ᠦᠨᠳᠦᠰᠦᠲᠡᠨ᠂ 1970 ᠣᠨ ᠤ 3 ᠳ᠋ᠣᠭᠠᠷ ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 1999 ᠣᠨ ᠤ 5 ᠳ᠋ᠣᠭᠠᠷ ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠵᠣ᠂ 1991 ᠣᠨ ᠤ 9 ᠳ᠋ᠣᠭᠡᠷ ᠰᠠᠷ᠎ᠠ ᠳᠤ ᠠᠵᠢᠯ ᠤᠨ ᠪᠠᠶᠢᠷᠢᠨ ᠳᠤ ᠭᠠᠷᠴᠠᠢ᠂ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠢᠨ ᠲᠤᠰᠢᠶᠠᠯ ᠨᠤᠭᠤᠳ ᠢ ᠡᠭᠦᠷᠭᠡᠯᠡᠵᠦ ᠪᠣᠢ᠃ ᠦᠩᠭᠡᠷᠡᠭᠰᠡᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠪᠠᠭ᠎ᠠ ᠬᠤᠰᠢᠭᠤᠨ ᠤ ᠡᠪᠯᠡᠯ ᠤᠨ ᠬᠤᠷᠢᠶᠠᠨ ᠤ ᠱᠦᠵᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠡᠪᠯᠡᠯ ᠤᠨ ᠬᠤᠷᠢᠶᠠᠨ ᠤ ᠳᠡᠳ᠋ ᠱᠦᠵᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠬᠤᠳᠠ ᠶᠢᠨ ᠳᠡᠳ᠋ ᠳᠠᠷᠤᠭ᠎ᠠ ︵ᠡᠨᠡ ᠬᠤᠭᠤᠴᠠᠭᠠᠨ ᠳᠤ ᠄ 2003.08 — 2003.12 ᠭᠤᠸᠠᠩᠳᠦ᠋ᠩ ᠮᠤᠵᠢ ᠶᠢᠨ ᠭᠤᠸᠠᠩᠵᠧᠦ ᠬᠤᠲᠠ ᠶᠢᠨ ᠬᠤᠸᠠᠩ ᠫᠦ᠋ ᠲᠣᠭᠤᠷᠢᠭ ᠤᠨ ᠳᠠᠷᠤᠭ᠎ᠠ ᠶᠢᠨ ᠲᠤᠰᠠᠯᠠᠭᠴᠢ ᠶᠢᠨ ᠲᠤᠰᠢᠶᠠᠯ ᠢ ᠲᠦᠷ ᠡᠭᠦᠷᠭᠡᠯᠡᠪᠡ︶᠂ ᠰᠢᠯᠢ ᠶᠢᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠰᠢᠯᠢ  ᠶᠢᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠡᠷᠢᠶᠡᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ᠂ ᠰᠢᠯᠤᠭᠤᠨ ᠬᠥᠪᠡᠭᠡᠲᠦ ᠴᠠᠭᠠᠨ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠶᠢᠨ ᠲᠤᠰᠢᠶᠠᠯ ᠨᠤᠭᠤᠳ ᠢ ᠡᠭᠦᠷᠭᠡᠯᠡᠵᠣ ᠪᠠᠶᠢᠵᠠᠢ᠃   ᠠᠵᠢᠯ ᠤᠨ ᠬᠤᠪᠢᠶᠠᠷᠢᠯᠠᠯ       ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠥᠬᠦ ᠲᠠᠯ᠎ᠠ ᠶᠢᠨ ᠠᠵᠢᠯ ᠢ ᠡᠷᠬᠢᠯᠡᠨ᠎ᠡ︔ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠣᠷᠠᠯᠢᠭ᠂ ᠰᠦᠯᠵᠢᠶᠡᠨ ᠤ ᠠᠮᠤᠷ ᠲᠦᠪᠰᠢᠨ ᠪᠣᠯᠤᠨ ᠮᠡᠳᠡᠭᠡ ᠵᠠᠩᠭᠢᠵᠢᠯᠲᠠ ᠵᠡᠷᠭᠡ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠵᠢᠯ ᠢ ᠬᠠᠷᠢᠭᠤᠴᠠᠨ᠎ᠠ︔ ᠠᠶᠢᠮᠠᠭ ᠤᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠣᠯᠤᠨ ᠮᠡᠳᠡᠭᠡ ᠵᠠᠩᠭᠢᠵᠢᠯᠲᠠ ᠶᠢᠨ ᠠᠯᠪᠠᠨ ᠬᠡᠷ᠂ ᠠᠶᠢᠮᠠᠭ ᠤᠨ ᠣᠶᠤᠨ ᠤ ᠪᠣᠯᠪᠠᠰᠤᠨ ᠤ ᠠᠯᠪᠠᠨ ᠬᠡᠷ᠂ ᠭᠠᠳᠠᠭᠠᠳᠤ ᠤᠬᠠᠭᠤᠯᠭ᠎ᠠ ᠶᠢᠨ ᠠᠯᠪᠠᠨ ᠬᠡᠷ᠂ ᠰᠣᠨᠢᠨ ᠮᠡᠳᠡᠭᠡ ᠬᠡᠪᠯᠡᠯ ᠤᠨ ᠡᠷᠬᠡ ᠶᠢᠨ ᠲᠣᠪᠴᠢᠶ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠣᠭ᠎ᠠ᠂ ᠰᠢᠯᠢ ᠶᠢᠨ ᠭᠤᠤᠯ ᠤᠨ ᠡᠳᠦᠷ ᠤᠨ ᠰᠣᠨᠢᠨ ᠤ ᠬᠤᠷᠢᠶ᠎ᠠ᠂ ᠷᠠᠳᠢᠣ᠋ ᠲᠧᠯᠸᠢᠰ ᠬᠤᠷᠢᠶ᠎ᠠ ᠶᠢ ᠬᠤᠪᠢᠳᠠᠨ ᠬᠠᠮᠢᠶᠠᠷᠤᠨ᠎ᠠ︔ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ ᠲᠠᠢ ᠬᠠᠷᠢᠯᠴᠠᠨ᠎ᠠ᠃        
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号