ᠠᠶᠢᠮᠠᠭ ᠤᠨ ᠳᠡᠳ᠋ ᠳᠠᠷᠤᠭ᠎ᠠ 
ᠨᠡᠶᠢᠲᠡᠯᠡᠭᠰᠡᠨ ᠴᠠᠭ᠄
2021/9/27
ᠲᠣᠪᠴᠢ ᠨᠠᠮᠲᠠᠷ      ᠵᠠᠩ ᠢ᠂ ᠡᠷᠡᠭᠲᠡᠢ᠂ ᠬᠢᠲᠠᠳ ᠦᠨᠳᠦᠰᠦᠲᠡᠨ᠂ 1968 ᠣᠨ ᠤ 11 ᠳ᠋ᠣᠭᠡᠷ ᠰᠠᠷ᠎ᠠ ᠳᠤ ᠲᠦᠷᠦᠵᠠᠢ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠤᠰᠬᠠᠢ ᠮᠡᠷᠭᠡᠵᠢᠯ ᠤᠨ ᠮᠠᠰᠲ᠋ᠧᠷ᠂ 1999 ᠣᠨ ᠤ 6 ᠳ᠋ᠣᠭᠠᠷ ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠵᠣ᠂ 1990 ᠣᠨ ᠤ 8 ᠳ᠋ᠣᠭᠠᠷ ᠰᠠᠷ᠎ᠠ ᠳᠤ ᠠᠵᠢᠯ ᠤᠨ ᠪᠠᠶᠢᠷᠢᠨ ᠳᠤ ᠭᠠᠷᠴᠠᠢ᠂ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠠᠶᠢᠮᠠᠭ ᠤᠨ ᠳᠡᠳ᠋ ᠳᠠᠷᠤᠭ᠎ᠠ ᠶᠢᠨ ᠲᠤᠰᠢᠶᠠᠯ ᠨᠤᠭᠤᠳ ᠢ ᠡᠭᠦᠷᠭᠡᠯᠡᠵᠣ ᠪᠣᠢ᠃  ᠦᠩᠭᠡᠷᠡᠭᠰᠡᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠬᠤᠳᠠ ᠳᠠᠬᠢ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠰᠤᠷᠭᠠᠭᠤᠯᠢ ᠶᠢᠨ ᠺᠣᠮᠫᠢᠦ᠋ᠲ᠋ᠧᠷ ᠤᠨ ᠰᠠᠯᠠᠭᠠᠨ ᠤ ᠳᠡᠳ᠋ ᠳᠠᠷᠤᠭ᠎ᠠ ︵ᠡᠨᠡ ᠬᠤᠭᠤᠴᠠᠭᠠᠨ ᠳᠤ᠄ ᠲᠠᠶᠢᠹᠣᠰᠧ ᠬᠤᠰᠢᠭᠤᠨ ᠤ ᠬᠤᠰᠢᠭᠤ ᠳᠠᠷᠤᠭ᠎ᠠ ᠶᠢᠨ ᠲᠤᠰᠠᠯᠠᠭᠴᠢ ᠶᠢᠨ ᠲᠤᠰᠢᠶᠠᠯ ᠢ ᠲᠦᠷ ᠡᠭᠦᠷᠬᠡᠯᠡᠵᠣ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠤᠨ ᠠᠵᠤ ᠠᠬᠤᠢ ᠲᠧᠭᠨᠢᠭ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠳᠡᠳ᠋ ᠡᠷᠬᠢᠯᠡᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠰᠢᠯᠢ ᠶᠢᠨ ᠭᠤᠣᠯ ᠠᠶᠢᠮᠠᠭ ᠤᠨ ᠠᠵᠤ ᠠᠬᠤᠢ ᠶᠢᠨ ᠵᠥᠪᠯᠡᠯ ᠤᠨ ᠳᠡᠳ᠋ ᠡᠷᠬᠢᠯᠡᠭᠴᠢ᠂ ᠰᠥᠨᠢᠳ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ᠂ ᠰᠢᠯᠢ ᠶᠢᠨ ᠭᠤᠣᠯ ᠠᠶᠢᠮᠠᠭ ᠤᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠳᠠ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ᠂ ᠰᠢᠯᠢ ᠶᠢᠨ ᠭᠤᠣᠯ ᠠᠶᠢᠮᠠᠭ ᠤᠨ ᠠᠵᠤ ᠠᠬᠤᠢ ᠪᠠ ᠮᠡᠳᠡᠭᠡ ᠵᠠᠩᠬᠢᠴᠢᠯᠠᠯᠳᠠ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ᠂ ᠰᠢᠯᠢ ᠶᠢᠨ ᠭᠤᠣᠯ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ︶ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ᠂ ᠲᠦᠩᠯᠢᠶᠣᠤ ᠬᠤᠳᠠ ᠶᠢᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠣ ᠪᠠᠶᠢᠵᠠᠢ᠃ᠠᠵᠢᠯ ᠤᠨ ᠬᠤᠪᠢᠶᠠᠷᠢᠯᠠᠯ    ᠵᠠᠬᠢᠷᠭ᠎ᠠ ᠶᠢᠨ ᠪᠠᠶᠢᠩᠭᠤ ᠶᠢᠨ ᠠᠵᠢᠯ ᠢ ᠬᠠᠷᠢᠭᠤᠴᠠᠵᠤ᠂ ᠠᠶᠢᠮᠠᠭ ᠤᠨ ᠳᠠᠷᠤᠭ᠎ᠠ ᠶᠢ ᠬᠠᠮᠵᠢᠨ ᠶᠡᠷᠦᠩᠬᠡᠶᠢᠯᠡᠭᠰᠡᠨ ᠠᠵᠤ ᠠᠬᠤᠶ᠂ ᠬᠥᠭᠵᠢᠭᠦᠯᠦᠯᠲᠡ ᠥᠭᠡᠷᠡᠴᠢᠯᠡᠯᠲᠡ᠂ ᠠᠷᠠᠳ ᠠᠴᠠ ᠡᠵᠡᠩᠨᠡᠭᠰᠡᠨ ᠠᠵᠤ ᠠᠬᠤᠶ᠂ ᠦᠢᠯᠡᠴᠢᠯᠡᠭᠡᠨ ᠤ ᠦᠢᠯᠡᠰ᠂ ᠡᠳ᠋ ᠤᠨ ᠵᠠᠰᠠᠭ᠂ ᠲᠤᠭ᠎ᠠ ᠪᠦᠷᠢᠳᠬᠡᠯ᠂ ᠰᠤᠷᠭᠠᠨ ᠬᠥᠮᠦᠵᠢᠯ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠭᠠᠳᠠᠭᠠᠳᠤ ᠨᠡᠭᠡᠭᠡᠯᠲᠡ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠶ ᠲᠦᠯᠦᠪᠵᠢᠬᠦᠯᠦᠨ᠎ᠡ᠃ ᠵᠠᠬᠢᠷᠭ᠎ᠠ ᠶᠢᠨ ᠠᠯᠪᠠᠨ ᠭᠡᠷ᠂ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ︶᠂ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶᠂ ᠲᠤᠭ᠎ᠠ ᠪᠦᠷᠢᠳᠬᠡᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠭᠡᠷ ︵ᠪᠣᠭᠤᠮᠲᠠ ᠶᠢᠨ ᠠᠯᠪᠠᠨ ᠭᠡᠷ︶᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂  ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ ︵ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ︶᠂ ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠥᠬᠡᠬᠤᠲᠠ ᠳᠤ ᠰᠠᠭᠤᠭ᠎ᠠ ᠬᠤᠯᠪᠣᠭ᠎ᠠ ᠠᠪᠬᠤ ᠭᠠᠵᠠᠷ᠂ ᠪᠡᠭᠡᠵᠢᠩ ᠳᠤ ᠰᠠᠭᠤᠭ᠎ᠠ ᠬᠤᠯᠪᠣᠭ᠎ᠠ ᠠᠪᠬᠤ ᠭᠠᠵᠠᠷ᠂ ᠰᠢᠩ ᠹᠦ᠋ ᠪᠠᠯᠠ ᠣᠷᠣᠭᠤᠯᠤᠯᠲᠠ ᠶᠢᠨ ᠺᠣᠮᠫᠠᠨᠢ ᠵᠡᠷᠭᠡ ᠶᠢ ᠬᠤᠪᠢᠳᠠᠨ ᠬᠠᠮᠢᠶᠠᠷᠤᠨ᠎ᠠ᠃ ᠠᠶᠢᠮᠠᠭ ᠤᠨ ᠳᠠᠷᠤᠭ᠎ᠠ ᠶᠢ ᠬᠠᠮᠵᠢᠨ ᠬᠢᠨᠠᠨ ᠪᠤᠳᠤᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ᠂ ᠠᠶᠢᠮᠠᠭ ᠤᠨ ᠬᠢᠨᠠᠨ ᠪᠠᠶᠢᠴᠠᠭᠠᠬᠤ ᠵᠥᠪᠯᠡᠯ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ᠂ ᠨᠡᠶᠢᠭᠡᠮ ᠵᠢᠷᠤᠮᠲᠦ ᠳᠡᠭᠡᠳᠦ ᠰᠤᠷᠭᠠᠭᠤᠯᠢ︶᠂ ᠠᠶᠢᠮᠠᠭ ᠤᠨ ᠬᠠᠮᠲᠤᠷᠠᠯᠴᠠᠭ᠎ᠠ ᠰᠣᠯᠢᠯᠴᠠᠭᠠᠨ ᠤ ᠲᠥᠪ᠂ ᠠᠶᠢᠮᠠᠭ ᠤᠨ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ︵ᠬᠤᠳᠠᠯᠳᠤᠭᠠᠴᠢᠳ ᠤᠨ ᠶᠡᠷᠦᠩᠬᠡᠶ ᠡᠪᠯᠡᠯ︶᠂ ᠳᠤᠮᠳᠠᠳᠤ ᠤᠯᠤᠰ ᠤᠨ ᠣᠯᠠᠨ ᠤᠯᠤᠰ ᠤᠨ ᠠᠷᠠᠯᠵᠢᠶ᠎ᠠ ᠠᠬᠢᠭᠤᠯᠬᠤ ᠵᠥᠪᠯᠡᠯ ᠤᠨ ᠰᠢᠯᠢ ᠶᠢᠨ ᠭᠤᠤᠯ ᠠᠶᠢᠮᠠᠭ ᠤᠨ ᠬᠤᠪᠢᠶᠠᠷᠢ ᠵᠥᠪᠯᠡᠯ ᠂ ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠰᠢᠯᠢ ᠶᠢᠨ ᠭᠤᠤᠯ ᠪᠠᠶᠢᠴᠠᠭᠠᠬᠤ ᠠᠩᠭᠢ᠂ ᠤᠯᠤᠰ ᠤᠨ ᠠᠭᠤᠷᠬᠠᠶ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠲᠣᠪᠴᠢᠶᠠᠨ ᠤ ᠥᠪᠥᠷ ᠮᠣᠩᠭᠤᠯ ᠤᠨ ᠲᠣᠪᠴᠢᠶ᠎ᠠ ᠶᠢᠨ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠲᠠᠪᠤᠳᠤᠭᠠᠷ ᠭᠠᠵᠠᠷ᠂ ᠰᠢᠯᠢ ᠶᠢᠨ ᠭᠤᠤᠯ ᠠᠶᠢᠮᠠᠭ ᠤᠨ ᠣᠶ ᠰᠢᠭᠤᠶ ᠶᠢᠨ ᠭᠠᠯ ᠲᠦᠢᠮᠡᠷ ᠰᠡᠷᠭᠡᠶᠢᠯᠡᠵᠦ ᠤᠨᠲᠠᠷᠠᠭᠠᠬᠤ ᠰᠠᠯᠪᠤᠷᠢ ᠠᠩᠭᠢ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ᠂ ᠡᠷᠢᠶᠡᠨ ᠪᠣᠭᠤᠮᠲᠠ᠂ ᠵᠡᠭᠦᠨ ᠦᠵᠦᠮᠦᠴᠢᠨ ᠪᠣᠭᠤᠮᠲᠠ᠂ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠥᠷᠲᠡᠭᠡ᠂ ᠵᠡᠭᠦᠨ ᠬᠠᠲᠠᠪᠴᠢ ᠪᠣᠭᠤᠮᠳᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠥᠷᠲᠡᠭᠡ ᠲᠠᠢ ᠬᠠᠷᠢᠯᠴᠠᠨ᠎ᠠ᠃ ᠠᠶᠢᠮᠠᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号