ᠠᠶᠢᠮᠠᠭ ᠤᠨ ᠳᠡᠳ᠋ ᠲᠠᠷᠤᠭ᠎ᠠ ᠬᠤ᠋ ᠴᠧᠩ ᠳ᠋ᠦᠩ
ᠨᠡᠶᠢᠲᠡᠯᠡᠭᠰᠡᠨ ᠴᠠᠭ᠄
2021/9/27
ᠲᠣᠪᠴᠢ ᠨᠠᠮᠳᠠᠷ       ᠬᠤ᠋ ᠴᠧᠩ ᠳ᠋ᠦᠩ  ᠂ ᠡᠷᠡᠭᠲᠡᠶ᠂ ᠬᠢᠲᠠᠳ ᠦᠨᠳᠦᠰᠦᠲᠡᠨ᠂ 1971 ᠣᠨ ᠤ 10  ᠳ᠋ᠣᠭᠠᠷ ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠣᠯᠠᠨ ᠨᠡᠶᠢᠲᠡ ᠶᠢᠨ ᠬᠠᠮᠢᠶᠠᠷᠤᠯᠲᠠ  ᠶᠢᠨ ᠤᠬᠠᠭᠠᠨ   ᠤ ᠲᠤᠰᠬᠠᠶ ᠮᠡᠷᠭᠡᠵᠢᠯ ᠤᠨ ᠣᠯᠠᠨ ᠨᠡᠶᠢᠲᠡ  ᠶᠢᠨ ᠬᠠᠮᠢᠶᠠᠷᠤᠯᠲᠠ ᠶᠢᠨ ᠮᠠᠰᠲ᠋ᠧᠷ ᠤᠨ ᠰᠤᠷᠤᠯᠭ᠎ᠠ ᠶᠢᠨ ᠨᠠᠮᠲᠠᠷ ᠲᠠᠢ᠂ 1995 ᠣᠨ ᠤ 6 ᠳ᠋ᠣᠭᠠᠷ ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠵᠣ᠂ 1991 ᠣᠨ ᠤ 8 ᠳ᠋ᠣᠭᠠᠷ ᠰᠠᠷ᠎ᠠ ᠳᠤ ᠠᠵᠢᠯ ᠤᠨ ᠪᠠᠶᠢᠷᠢᠨ ᠳᠤ ᠭᠠᠷᠴᠠᠢ᠃ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠶᠢᠮᠠᠭ ᠤᠨ ᠳᠡᠳ᠋ ᠳᠠᠷᠤᠭ᠎ᠠ  ᠶᠢᠨ ᠲᠤᠰᠢᠶᠠᠯ ᠨᠤᠭᠤᠳ ᠢ ᠡᠭᠦᠷᠭᠡᠯᠡᠵᠦ ᠪᠣᠢ᠃ ᠦᠩᠭᠡᠷᠡᠭᠰᠡᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠤᠭᠤᠨ ᠬᠦᠬᠡ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠨᠠᠷᠢᠨ ᠪᠢᠴᠢᠭᠡᠴᠢ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ᠶᠡᠷᠦᠩᠬᠡᠶᠢᠯᠡᠭᠰᠡᠨ ᠨᠢᠭᠡᠳᠦᠭᠡᠷ ᠰᠠᠯᠠᠭᠠᠨ ᠤ ᠳᠠᠷᠤᠭ᠎ᠠ᠂ ᠰᠢᠯᠢ ᠶᠢᠨ ᠭᠤᠣᠯ ᠠᠶᠢᠮᠠᠭ ᠤᠨ ᠨᠠᠮ ᠤᠨ  ᠬᠤᠷᠢᠶᠠᠨ ᠤ ᠳᠡᠳ᠋ ᠨᠠᠷᠢᠨ ᠪᠢᠴᠢᠭ ᠤᠨ ᠳᠠᠷᠤᠭ᠎ᠠ᠂  ᠲᠦᠷᠦ ᠶᠢᠨ ᠪᠣᠳᠣᠯᠭ᠎ᠠ ᠰᠣᠳᠣᠯᠬᠤ ᠲᠠᠰᠤᠭ ᠤᠨ ᠡᠷᠬᠢᠯᠡᠭᠴᠢ  ᠂  ᠰᠥᠨᠢᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ︵ᠵᠢᠩᠬᠢᠨᠢ ᠭᠠᠵᠠᠷ ᠤᠨ ᠳᠡᠰ︶᠂ ᠲᠠᠶᠢᠹᠣᠰᠧ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠶᠢᠨ ᠲᠤᠰᠢᠶᠠᠯ ᠨᠤᠭᠤᠳ ᠢ ᠡᠭᠦᠷᠭᠡᠯᠡᠵᠣ ᠪᠠᠶᠢᠵᠠᠢ᠃ᠠᠵᠢᠯ ᠤᠨ ᠬᠤᠪᠢᠶᠠᠷᠢᠯᠠᠯ        ᠠᠶᠢᠮᠠᠭ ᠤᠨ ᠳᠠᠷᠤᠭ᠎ᠠ ᠶᠢ ᠬᠠᠮᠵᠢᠨ ᠠᠵᠤ ᠦᠢᠯᠡᠳᠪᠦᠷᠢ ᠶᠢᠨ ᠠᠵᠤ ᠠᠬᠤᠢ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠬᠠᠮᠢᠶᠠᠷᠤᠯᠲᠠ ᠪᠣᠯᠤᠨ ᠭᠠᠳᠠᠭᠠᠳᠤ ᠨᠡᠭᠡᠭᠡᠯᠳᠡ᠂ ᠠᠷᠠᠯᠵᠢᠶᠠᠴᠢᠨ ᠤᠷᠢᠵᠤ ᠪᠡᠯᠡ ᠲᠠᠲᠠᠨ ᠣᠷᠣᠭᠤᠯᠬᠤ᠂ ᠲᠣᠭᠠᠴᠢᠯᠠᠭᠰᠠᠨ ᠠᠵᠤ ᠠᠬᠤᠢ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠢ ᠲᠦᠯᠦᠪᠵᠢᠭᠦᠯᠦᠨ᠎ᠡ᠃ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ  ᠣᠷᠴᠢᠨ ᠲᠣᠭᠤᠷᠢᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠠᠷᠠᠯᠵᠢᠶᠠᠴᠢᠨ ᠤᠷᠢᠵᠤ ᠪᠠᠯᠠ ᠲᠠᠲᠠᠨ ᠣᠷᠣᠭᠤᠯᠬᠤ ᠠᠵᠢᠯ︶᠂ ᠲᠣᠮᠣ ᠳ᠋ᠠᠶᠢᠲ᠋ᠠ ᠶᠢᠨ ᠲᠥᠪ ᠢ ᠬᠤᠪᠢᠳᠠᠨ ᠬᠠᠮᠢᠶᠠᠷᠤᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ  ᠲᠣᠪᠴᠢᠶᠠᠨ ᠤ ᠰᠢᠯᠢ ᠶᠢᠨ ᠭᠤᠣᠯ ᠠᠶᠢᠮᠠᠭ ᠲᠠᠬᠢ ᠴᠢᠮᠡᠭᠡ ᠬᠤᠯᠪᠣᠭᠠᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ᠂ ᠨᠢᠭᠡᠳᠦᠮᠡᠯ ᠬᠤᠯᠪᠣᠭᠠᠨ ᠤ ᠺᠣᠮᠫᠠᠨᠢ ᠶᠢᠨ ᠰᠢᠯᠢ ᠶᠢᠨ ᠭᠤᠣᠯ ᠠᠶᠢᠮᠠᠭ ᠲᠠᠬᠢ ᠬᠤᠪᠢᠶᠠᠷᠢ ᠺᠣᠮᠫᠠᠨᠢ᠂ ᠨᠡᠭᠦᠳᠡᠯ ᠬᠤᠯᠪᠣᠭᠠᠨ ᠤ ᠺᠣᠮᠫᠠᠨᠢ ᠶᠢᠨ ᠰᠢᠯᠢ ᠶᠢᠨ ᠭᠤᠣᠯ ᠠᠶᠢᠮᠠᠭ ᠲᠠᠬᠢ ᠬᠤᠪᠢᠶᠠᠷᠢ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ ᠶᠢᠨ ᠰᠢᠯᠢ ᠶᠢᠨ ᠭᠤᠣᠯ ᠠᠶᠢᠮᠠᠭ ᠲᠠᠬᠢ ᠬᠤᠪᠢᠶᠠᠷᠢ ᠺᠣᠮᠫᠠᠨᠢ᠂ ᠲᠡᠮᠦᠷ ᠰᠤᠪᠤᠷᠭ᠎ᠠ ᠺᠣᠮᠫᠠᠨᠢ ᠶᠢᠨ ᠰᠢᠯᠢ ᠶᠢᠨ ᠭᠤᠣᠯ ᠠᠶᠢᠮᠠᠭ ᠲᠠᠬᠢ ᠬᠤᠪᠢᠶᠠᠷᠢ ᠺᠣᠮᠫᠠᠨᠢ᠂ ᠰᠢᠯᠢ ᠶᠢᠨ ᠭᠤᠣᠯ ᠴᠠᠬᠢᠯᠭᠠᠨ ᠤ ᠦᠢᠯᠡᠰ ᠤᠨ ᠲᠣᠪᠴᠢᠶ᠎ᠠ᠂ ᠰᠢᠯᠢ ᠶᠢᠨ ᠭᠤᠣᠯ ᠬᠡᠳᠦ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠲᠣᠪᠴᠢᠶ᠎ᠠ᠂ ᠠᠶᠢᠮᠠᠭ ᠤᠨ ᠷᠠᠳᠢᠣ᠋ ᠬᠠᠮᠢᠶᠠᠷᠤᠯᠲᠠ ᠶᠢᠨ ᠭᠠᠵᠠᠷ᠂ ᠳᠠᠪᠤᠰᠤᠨ ᠤ ᠦᠢᠯᠡᠰ ᠤᠨ ᠺᠣᠮᠫᠠᠨᠢ ᠂ ᠳᠤᠮᠳᠠᠳᠤ ᠤᠯᠤᠰ ᠤᠨ ᠣᠯᠠᠨ ᠤᠯᠤᠰ ᠤᠨ ᠠᠷᠠᠯᠵᠢᠶ᠎ᠠ  ᠠᠬᠢᠭᠤᠯᠬᠤ ᠵᠥᠪᠯᠡᠯ ᠤᠨ ᠰᠢᠯᠢ ᠶᠢᠨ ᠭᠤᠤᠯ ᠠᠶᠢᠮᠠᠭ ᠲᠠᠬᠢ ᠬᠤᠪᠢᠶᠠᠷᠢ ᠵᠥᠪᠯᠡᠯ᠂ ᠡᠷᠢᠶᠡᠨ ᠪᠣᠭᠤᠮᠲᠠ᠂ ᠵᠡᠭᠦᠨ ᠬᠠᠲᠠᠪᠴᠢ ᠪᠣᠭᠤᠮᠲᠠ᠂ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ᠂ ᠵᠡᠭᠦᠨ ᠬᠠᠲᠠᠪᠴᠢ ᠪᠣᠭᠤᠮᠲᠠ  ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ᠂ ᠲᠥᠪ ᠤᠨ ᠰᠢᠭᠤᠳ ᠬᠠᠷᠢᠶ᠎ᠠ ᠪᠠ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ᠂ ᠥᠪᠥᠷ ᠮᠣᠩᠭᠤᠯ ᠤᠨ ᠶᠢᠰᠦᠳᠦᠭᠡᠷ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ᠶᠢ ᠬᠠᠶᠢᠨ ᠪᠠᠶᠢᠴᠠᠭᠠᠵᠤ ᠨᠡᠭᠡᠭᠡᠨ ᠬᠥᠭᠵᠢᠭᠦᠯᠬᠦ ᠬᠦᠷᠢᠶᠡᠯᠡᠩ ᠵᠡᠷᠭᠡ ᠲᠠᠢ ᠬᠠᠷᠢᠯᠴᠠᠨ᠎ᠠ᠃ ᠠᠶᠢᠮᠠᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠤᠳ ᠢ ᠪᠡᠶᠡᠯᠡᠭᠦᠯᠦᠨ᠎ᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号