ᠪᠤᠶᠠᠨᠲᠦ ᠨᠦᠬᠦᠷ ᠤᠨ ᠲᠤᠪᠴᠢ ᠨᠠᠮᠲᠠᠷ
ᠨᠡᠶᠢᠲᠡᠯᠡᠭᠰᠡᠨ ᠴᠠᠭ᠄
2021/9/27
ᠲᠣᠪᠴᠢ ᠨᠠᠮᠲᠠᠷ     ᠪᠤᠶᠠᠨᠲᠤ᠂ ᠡᠷᠡᠭᠲᠡᠢ᠂ ᠮᠣᠩᠭᠤᠯ ᠦᠨᠳᠦᠰᠦᠲᠡᠨ᠂ 1969 ᠣᠨ ᠤ 12 ᠳ᠋ᠣᠭᠠᠷ ᠰᠠᠷ᠎ᠠ ᠳᠤ ᠲᠦᠷᠦᠵᠠᠢ᠂ ᠠᠵᠢᠯ  ᠤᠨ ᠪᠠᠶᠢᠷᠢ ᠳᠡᠭᠡᠷᠡᠬᠢ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ 1992 ᠣᠨ ᠤ 6 ᠳ᠋ᠣᠭᠠᠷ ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠵᠣ᠂ 1987 ᠣᠨ ᠤ 12 ᠳ᠋ᠣᠭᠠᠷ ᠰᠠᠷ᠎ᠠ ᠳᠤ ᠠᠵᠢᠯ ᠤᠨ ᠪᠠᠶᠢᠷᠢᠨ ᠳᠤ ᠭᠠᠷᠴᠠᠢ᠂ ᠣᠳᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠠᠷᠢᠨ ᠪᠢᠴᠢᠭ ᠤᠨ ᠳᠠᠷᠤᠭ᠎ᠠ᠂ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ᠂ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠨᠤᠭᠤᠳ ᠢ ᠡᠭᠦᠷᠭᠡᠯᠡᠵᠦ ᠪᠣᠢ᠃ ᠦᠩᠭᠡᠷᠡᠭᠰᠡᠨ ᠳᠤ ᠪᠤᠭᠤᠲᠤ ᠬᠤᠳᠠ ᠶᠢᠨ ᠪᠠᠶ᠋ᠬᠠᠤᠪᠤᠭ᠎ᠠ ᠲᠣᠭᠤᠷᠢᠭ ᠤᠨ ᠡᠪᠯᠡᠯ ᠤᠨ ᠬᠤᠷᠢᠶᠠᠨ ᠤ ᠳᠡᠳ᠋ ᠱᠦᠵᠢ᠂ ᠪᠤᠭᠤᠲᠤ ᠬᠤᠳᠠ ᠶᠢᠨ ᠭᠦ᠋ ᠶᠠᠩ ᠰᠢᠶᠠᠨ ᠤ ᠵᠢᠤ ᠹᠧᠨ ᠽᠢ ᠰᠢᠶᠠᠩ ᠤᠨ ᠳᠡᠳ᠋ ᠳᠠᠷᠤᠭ᠎ᠠ᠂ ᠪᠤᠭᠤᠲᠤ ᠬᠤᠳᠠ ᠶᠢᠨ ᠡᠪᠯᠡᠯ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠠᠷᠤᠭ᠎ᠠ᠂ ᠬᠤᠯᠪᠣᠭ᠎ᠠ ᠠᠪᠬᠤ ᠬᠡᠯᠲᠡᠰ ᠤᠨ ᠳᠠᠷᠤᠭ᠎ᠠ᠂ ᠠᠯᠪᠠᠨ ᠭᠡᠷ ᠤᠨ ᠡᠷᠬᠢᠯᠡᠭᠴᠢ᠂ ᠪᠤᠭᠤᠲᠤ ᠬᠤᠳᠠ ᠶᠢᠨ ᠳ᠋ᠦᠩ ᠾᠧ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠯᠡᠯ ᠤᠨ  ᠬᠤᠷᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠯᠡᠯ ᠤᠨ  ᠬᠤᠷᠢᠶᠠᠨ ᠤ ᠨᠢᠭᠡᠳᠦᠮᠡᠯ ᠹᠷᠣᠨᠲ ᠤᠨ ᠬᠤᠯᠪᠣᠭ᠎ᠠ ᠠᠪᠬᠤ ᠬᠡᠯᠲᠡᠰ ᠤᠨ ᠳᠠᠷᠤᠭ᠎ᠠ᠂ ᠰᠢᠯᠤᠭᠤᠨ ᠬᠦᠬᠡ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ᠂ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠨᠤᠭᠤᠳ ᠢ ᠡᠭᠦᠷᠭᠡᠯᠡᠵᠣ ᠪᠠᠶᠢᠵᠠᠢ᠃    ᠠᠵᠢᠯ ᠤᠨ ᠬᠤᠪᠢᠶᠠᠷᠢᠯᠠᠯ    ᠠᠶᠢᠮᠠᠭ ᠤᠨ ᠳᠠᠷᠤᠭ᠎ᠠ ᠶᠢ ᠬᠠᠮᠵᠢᠨ  ᠵᠠᠬᠢᠷᠭ᠎ᠠ ᠶᠢᠨ  ᠪᠠᠶᠢᠭᠤᠯᠭ᠎ᠠ ᠶᠢᠨ ᠡᠳᠦᠷ ᠳᠣᠳᠣᠮ ᠤᠨ ᠠᠵᠢᠯ ᠢ ᠰᠢᠢᠳᠪᠦᠷᠢᠯᠡᠵᠦ᠂ ᠵᠠᠬᠢᠷᠭ᠎ᠠ ᠶᠢᠨ ᠠᠯᠪᠠᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠣᠯᠳᠠ ᠵᠢᠴᠢ ᠢᠯᠵᠠᠷᠠᠯ ᠢ ᠡᠰᠡᠷᠭᠦᠴᠡᠬᠦ ᠠᠵᠢᠯ ᠢ ᠬᠠᠷᠢᠭᠤᠴᠠᠵᠤ᠂ ᠵᠠᠬᠢᠷᠭ᠎ᠠ ᠶᠢᠨ ᠠᠯᠪᠠᠨ ᠭᠡᠷ ᠤᠨ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号