ᠮᠠᠨ ᠤ ᠠᠶᠢᠮᠠᠭ ᠤᠨ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠠᠵᠢᠯ ᠢᠯᠡᠳᠳᠡ ᠦᠷ᠎ᠡ ᠪᠦᠳᠦᠮᠵᠢ ᠤᠯᠪᠠ
ᠨᠡᠶᠢᠲᠡᠯᠡᠭᠰᠡᠨ ᠴᠠᠭ᠄
2021/9/29
    ᠤᠢᠢᠷ᠎ᠠ ᠶᠢᠨ ᠵᠢᠯ ᠤᠨ ᠲᠤᠷᠰᠢ᠂ ᠮᠠᠨ ᠤ ᠠᠶᠢᠮᠠᠭ ᠤᠨ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠠᠵᠢᠯ ᠨᠢ ︽ᠰᠢᠨᠵᠢᠯᠡᠬᠦ ᠤᠬᠠᠭᠠᠨᠴᠢ ᠪᠠᠷ ᠬᠠᠮᠠᠭᠠᠯᠠᠬᠤ᠂ ᠴᠢᠳᠠᠪᠤᠷᠢ ᠪᠠᠨ ᠲᠡᠬᠡᠭᠰᠢᠯᠡᠬᠦᠯᠬᠦ᠂ ᠦᠨ᠎ᠡ ᠦᠷᠳᠡᠭ ᠢ ᠪᠠᠳᠠᠷᠠᠭᠤᠯᠬᠤ᠂ ᠬᠦᠭᠵᠢᠬᠦᠯᠦᠨ ᠮᠠᠨᠳᠤᠭᠤᠯᠬᠤ︾ ᠪᠠᠷ ᠭᠤᠤᠯ ᠡᠬᠦᠷᠬᠡ ᠪᠤᠯᠭᠠᠬᠤ ᠶᠢ ᠪᠠᠷᠢᠮᠳᠠᠯᠠᠵᠤ᠂ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ ᠤᠨ ᠬᠢᠷᠢ ᠲᠦᠪᠰᠢᠨ ᠢ ᠦᠨᠡᠨ ᠬᠦ ᠲᠡᠭᠡᠭᠰᠢᠯᠡᠬᠦᠯᠵᠦ᠂  ᠪᠦᠬᠦ ᠠᠶᠢᠮᠠᠭ ᠤᠨ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠨ᠂ ᠤᠯᠠᠮᠵᠢᠯᠠᠨ ᠵᠠᠯᠭᠠᠮᠵᠢᠯᠠᠬᠤ ᠲᠠᠯ᠎ᠠ ᠪᠠᠷ ᠢᠯᠡᠳᠳᠡ ᠠᠮᠵᠢᠯᠳᠠ ᠪᠦᠳᠦᠮᠵᠢ ᠤᠯᠤᠭᠰᠠᠨ ᠪᠠᠶᠢᠨ᠎ᠠ᠃     ᠰᠢᠯᠢᠳᠡᠭ ᠤᠯᠠᠮᠵᠢᠯᠠᠯᠳᠤ ᠰᠤᠶᠤᠯ ᠢ ᠪᠠᠳᠠᠷᠠᠭᠤᠯᠬᠤ ᠶᠢᠨ ᠲᠦᠯᠦᠬᠡ᠂ ᠮᠠᠨ ᠤ ᠠᠶᠢᠮᠠᠭ ᠪᠠᠰᠠ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ ᠢ ᠲᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠳᠤ ᠤᠷᠤᠭᠤᠯᠤᠨ᠂ ᠪᠠᠭᠠᠴᠤᠳ ᠬᠡᠦᠬᠡᠳ ᠲᠤ ᠬᠠᠷᠠᠬᠠᠨ ᠪᠠᠭ᠎ᠠ ᠠᠴᠠ ᠨᠢ ᠤᠯᠠᠮᠵᠢᠯᠠᠯᠳᠤ ᠰᠤᠶᠤᠯ ᠤᠨ ᠨᠦᠯᠦᠬᠡ ᠶᠢ ᠬᠦᠷᠳᠡᠬᠡᠵᠦ ᠪᠠᠶᠢᠨ᠎ᠠ ᠃ ᠰᠢᠯᠢ ᠶᠢᠨ ᠭᠤᠤᠯ ᠠᠵᠢᠯ ᠮᠡᠷᠬᠡᠵᠢᠯ ᠤᠨ ᠰᠤᠷᠭᠠᠨ ᠬᠦᠮᠦᠵᠢᠯ ᠤᠨ ᠲᠦᠪ 2011 ᠤᠨ ᠠᠴᠠ ᠡᠬᠢᠯᠡᠨ ︽ᠤᠯᠠᠮᠵᠢᠯᠠᠯᠳᠤ ᠢᠰᠡᠬᠡᠢ ᠬᠢᠬᠦ ᠮᠡᠷᠬᠡᠵᠢᠯ︾ ᠢ ᠠᠵᠢᠯ ᠮᠡᠷᠬᠡᠵᠢᠯ ᠤᠨ ᠰᠤᠷᠭᠠᠨ ᠬᠦᠮᠦᠵᠢᠯ ᠤᠨ ᠬᠢᠴᠢᠶᠡᠯ ᠤᠨ ᠲᠠᠩᠬᠢᠮ ᠳᠤ ᠤᠷᠤᠭᠤᠯᠵᠤ᠂ ᠤᠳᠤ ᠰᠢᠯᠢ ᠶᠢᠨ ᠭᠤᠤᠯ ᠠᠵᠢᠯ ᠮᠡᠷᠬᠡᠵᠢᠯ ᠤᠨ ᠰᠤᠷᠭᠠᠨ ᠬᠦᠮᠦᠵᠢᠯ ᠤᠨ ᠲᠦᠪ ᠨᠢ ᠠᠶᠢᠮᠠᠭ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ ᠢ ᠬᠠᠮᠠᠭᠠᠯᠠᠬᠤ ᠨᠢᠭᠡᠴᠢ ᠶᠢᠨ ᠴᠤᠯᠠ ᠶᠢ ᠬᠦᠷᠳᠡᠵᠠᠢ᠃     ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠶᠢᠨ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠵᠤ᠂ ᠤᠯᠠᠮᠵᠢᠯᠠᠯᠳᠤ ᠭᠠᠷ ᠤᠷᠠᠯᠠᠯ ᠤᠨ ᠦᠢᠯᠡᠰ ᠤᠨ ᠬᠦᠭᠵᠢᠯᠳᠡ ᠶᠢ ᠠᠬᠢᠭᠤᠯᠬᠤ ᠶᠢᠨ ᠲᠦᠯᠦᠬᠡ᠂ 2020 ᠤᠨ ᠳᠤ ᠮᠠᠨ ᠤ ᠠᠶᠢᠮᠠᠭ 1 ᠦᠪᠡᠷᠳᠡᠬᠡᠨ ᠵᠠᠰᠠᠬᠤ ᠤᠷᠤᠨ ᠤ ᠤᠯᠠᠮᠵᠢᠯᠠᠯᠳᠤ ᠭᠠᠷ ᠤᠷᠠᠯᠠᠯ ᠤᠨ ᠠᠵᠢᠯ ᠤᠨ ᠦᠷᠳᠡᠭᠡ ᠪᠤᠯᠤᠨ 2 ᠦᠪᠡᠷᠳᠡᠬᠡᠨ ᠵᠠᠰᠠᠬᠤ ᠤᠷᠤᠨ ᠤ ᠪᠤᠳᠠᠰ ᠤᠨ ᠪᠤᠰᠤ ᠰᠤᠶᠤᠯ ᠤᠨ ᠦᠪ ᠤᠨ ᠶᠠᠳᠠᠭᠤ ᠶᠢ ᠲᠡᠳᠬᠦᠵᠦ ᠠᠵᠢᠯ ᠤᠯᠭᠤᠬᠤ ᠦᠢᠯᠡᠳᠬᠡᠯ ᠤᠨ ᠭᠠᠵᠠᠷ ᠢ ᠪᠠᠶᠢᠭᠤᠯᠵᠤ᠂ ᠭᠠᠷ ᠤᠷᠠᠯᠠᠯ ᠤᠨ ᠠᠵᠢᠯᠯᠠᠭᠴᠢ ᠶᠢ ᠲᠠᠭᠠᠭᠤᠯᠤᠨ ᠠᠵᠢᠯ ᠤᠯᠭᠤᠨ ᠠᠵᠢᠯ ᠤᠨ ᠪᠠᠶᠢᠷᠢ ᠬᠠᠨᠭ᠍ᠭᠠᠵᠤ᠂ ᠤᠷᠤᠯᠭ᠎ᠠ ᠶᠢ ᠨᠢ ᠨᠡᠮᠡᠭᠳᠡᠬᠦᠯᠦᠭᠰᠡᠨ ᠪᠠᠶᠢᠨ᠎ᠠ᠃ ᠡᠬᠦᠨ ᠠᠴᠠ ᠭᠠᠳᠠᠨ᠎ᠠ᠂ ᠮᠠᠨ ᠤ ᠠᠶᠢᠮᠠᠭ ᠪᠤᠳᠠᠰ ᠤᠨ ᠪᠤᠰᠤ ᠰᠤᠶᠤᠯ ᠤᠨ ᠦᠪ ᠢ ᠤᠯᠠᠮᠵᠢᠯᠠᠨ ᠵᠠᠯᠭᠠᠮᠵᠢᠯᠠᠬᠤ ᠬᠦᠮᠦᠰ ᠢ ᠲᠠᠪᠳᠠᠨ ᠪᠤᠯᠪᠠᠰᠤᠷᠠᠭᠤᠯᠬᠤ ᠲᠦᠯᠦᠪᠯᠡᠭᠡ ᠶᠢ ᠬᠡᠷᠡᠭᠵᠢᠬᠦᠯᠵᠦ᠂ ᠡᠯᠪᠡᠭ ᠪᠠᠶᠠᠯᠢᠭ ᠤᠯᠠᠨ ᠶᠠᠩᠵᠤ ᠶᠢᠨ ᠤᠯᠠᠮᠵᠢᠯᠠᠨ ᠵᠠᠯᠭᠠᠮᠵᠢᠯᠠᠬᠤ ᠠᠵᠢᠯᠯᠠᠭ᠎ᠠ ᠶᠢ ᠦᠷᠨᠢᠬᠦᠯᠵᠦ᠂ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠴᠢᠳᠠᠪᠤᠷᠢ ᠪᠠᠨ ᠲᠡᠬᠡᠭᠰᠢᠯᠡᠬᠦᠯᠦᠭᠰᠡᠨ ᠪᠠᠶᠢᠨ᠎ᠠ᠃     ᠤᠳᠤᠬᠠᠨ ᠳᠤ᠂ ᠮᠠᠨ ᠤ ᠠᠶᠢᠮᠠᠭ ᠨᠢᠬᠡᠨᠳᠡ ᠤᠯᠤᠰ᠂ ᠦᠪᠡᠷᠳᠡᠬᠡᠨ ᠵᠠᠰᠠᠬᠤ ᠤᠷᠤᠨ᠂ ᠠᠶᠢᠮᠠᠭ᠂ ᠬᠤᠰᠢᠭᠤ ᠰᠢᠶᠠᠨ᠂ ᠬᠤᠳᠠ ᠲᠦᠷᠪᠡᠨ ᠱᠠᠳᠤᠨ ᠤ ᠪᠤᠳᠠᠰ ᠤᠨ ᠪᠤᠰᠤ ᠰᠤᠶᠤᠯ ᠤᠨ ᠦᠪ ᠤᠨ ᠨᠡᠷᠡᠰ ᠤᠨ ᠵᠢᠭᠰᠠᠭᠠᠯᠳᠠ ᠶᠢᠨ ᠰᠢᠰᠲ᠋ᠧᠮ ᠢ ᠪᠠᠶᠢᠭᠤᠯᠵᠤ᠂ ᠲᠡᠯᠡᠬᠡᠢ ᠶᠢᠨ ᠬᠦᠮᠦᠨ ᠲᠦᠷᠦᠯᠬᠢᠳᠡᠨ ᠤ ᠪᠤᠳᠠᠰ ᠤᠨ ᠪᠤᠳᠠᠰ ᠤᠨ ᠪᠤᠰᠤ ᠰᠤᠶᠤᠯ ᠤᠨ ᠦᠪ ᠤᠨ ᠨᠡᠷᠡᠰ ᠤᠨ ᠵᠢᠭᠰᠠᠭᠠᠯᠳᠠ ᠳᠤ 1᠂ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠭᠡᠯᠡᠬᠦ ᠴᠢᠨᠠᠷᠳᠠᠢ ᠲᠦᠷᠦᠯ ᠵᠦᠢᠯ ᠤᠨ ᠨᠡᠷᠡᠰ ᠤᠨ ᠵᠢᠭᠰᠠᠭᠠᠯᠳᠠ ᠳᠤ 14᠂ ᠦᠪᠡᠷᠳᠡᠬᠡᠨ ᠵᠠᠰᠠᠬᠤ ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠬᠡᠯᠡᠬᠦ ᠴᠢᠨᠠᠷᠳᠠᠢ ᠲᠦᠷᠦᠯ ᠵᠦᠢᠯ ᠤᠨ ᠨᠡᠷᠡᠰ ᠤᠨ ᠵᠢᠭᠰᠠᠭᠠᠯᠳᠠ ᠳᠤ 118᠂ ᠠᠶᠢᠮᠠᠭ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠭᠡᠯᠡᠬᠦ ᠴᠢᠨᠠᠷᠳᠠᠢ ᠲᠦᠷᠦᠯ ᠵᠦᠢᠯ ᠤᠨ ᠨᠡᠷᠡᠰ ᠤᠨ ᠵᠢᠭᠰᠠᠭᠠᠯᠳᠠ ᠳᠤ 246᠂ ᠬᠤᠰᠢᠭᠤ ᠰᠢᠶᠠᠨ ᠬᠤᠳᠠ ᠶᠢᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠭᠡᠯᠡᠬᠦ ᠴᠢᠨᠠᠷᠳᠠᠢ ᠲᠦᠷᠦᠯ ᠤᠨ ᠨᠡᠷᠡᠰ ᠤᠨ ᠵᠢᠭᠰᠠᠭᠠᠯᠳᠠ ᠳᠤ 463 ᠪᠠᠶᠢᠨ᠎ᠠ᠃ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠭᠡᠯᠡᠬᠦ ᠴᠢᠨᠠᠷᠳᠠᠢ ᠤᠯᠠᠮᠵᠢᠯᠠᠭᠴᠢ 9 ᠬᠦᠮᠦᠨ᠂ ᠦᠪᠡᠷᠳᠡᠬᠡᠨ ᠵᠠᠰᠠᠬᠤ ᠤᠷᠤᠨ ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠭᠡᠯᠡᠬᠦ ᠴᠢᠨᠠᠷᠳᠠᠢ ᠤᠯᠠᠮᠵᠢᠯᠠᠭᠴᠢ 145 ᠬᠦᠮᠦᠨ᠂ ᠠᠶᠢᠮᠠᠭ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠭᠡᠯᠡᠬᠦ ᠴᠢᠨᠠᠷᠳᠠᠢ ᠤᠯᠠᠮᠵᠢᠯᠠᠭᠴᠢ 330 ᠬᠦᠮᠦᠨ᠂ ᠬᠤᠰᠢᠭᠤ ᠰᠢᠶᠠᠨ ᠤ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠭᠡᠯᠡᠬᠦ ᠴᠢᠨᠠᠷᠳᠠᠢ ᠤᠯᠠᠮᠵᠢᠯᠠᠭᠴᠢ 821 ᠬᠦᠮᠦᠨ ᠪᠠᠶᠢᠨ᠎ᠠ᠃ ᠪᠤᠳᠠᠰ ᠤᠨ ᠪᠤᠰᠤ ᠰᠤᠶᠤᠯ ᠤᠨ ᠦᠪ ᠤᠨ ᠲᠡᠯᠬᠡᠨ ᠦᠵᠡᠬᠦᠯᠬᠦ ᠤᠷᠳᠤᠨ ᠢ 8᠂ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ ᠢ 43 ᠶᠢ ᠪᠠᠶᠢᠭᠤᠯᠤᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠭᠤᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号