ᠤᠯᠠᠨ ᠤ ᠬᠦᠴᠤᠨ ᠳᠤ ᠤᠪᠤᠭ᠎ᠠ ᠪᠤᠰᠤᠨ᠎ᠠ
ᠨᠡᠶᠢᠲᠡᠯᠡᠭᠰᠡᠨ ᠴᠠᠭ᠄
2021/9/3
    ︽ᠪᠦᠯᠬᠦᠮᠳᠡᠯ ᠤᠨ ᠬᠦᠴᠤᠨ ᠶᠡᠭᠡ︾ ᠭᠡᠳᠡᠭ ᠢᠶᠠᠷ ᠶᠡᠷᠤ ᠨᠢ ᠬᠦᠮᠦᠨ ᠤᠯᠠᠨ ᠤ ᠬᠠᠮᠳᠤ ᠶᠢᠨ ᠴᠢᠷᠮᠠᠶᠢᠯᠭ᠎ᠠ ᠳᠤ ᠪᠦᠳᠤᠬᠦ ᠦᠬᠡᠢ ᠭᠡᠵᠤ ᠪᠠᠶᠢᠬᠤ ᠦᠬᠡᠢ᠃     ᠠᠮᠢ ᠠᠬᠤᠢ ᠶᠢᠨ ᠬᠠᠮᠠᠭᠠᠯᠠᠯᠳᠠ ᠪᠦᠳᠤᠬᠡᠨ ᠪᠠᠶᠢᠭᠤᠯᠤᠯᠳᠠ ᠭᠡᠰᠡᠨ ᠴᠤ ᠠᠳᠠᠯᠢᠬᠠᠨ᠂ ᠭᠠᠵᠠᠷ ᠭᠠᠵᠠᠷ ᠤᠨ ᠬᠠᠮᠢᠶ᠎ᠠ ᠪᠦᠬᠦᠢ ᠪᠠᠶᠢᠭᠤᠯᠭ᠎ᠠ ᠨᠢᠬᠡᠴᠢ ᠠᠴᠠ ᠡᠬᠢᠯᠡᠵᠤ᠂ ᠮᠠᠯᠴᠢᠨ ᠲᠦᠮᠡᠡ᠂ ᠰᠠᠶᠢᠨ ᠳᠤᠷᠠᠴᠤᠤᠯ ᠤᠨ ᠡᠩᠨᠡᠭᠡ᠂ ᠰᠤᠷᠤᠬᠴᠢᠳ᠂ ᠪᠢᠴᠢᠬᠠᠨ ᠬᠠᠨᠢᠳᠠᠳ ᠭᠡᠵᠤ ᠤᠯᠠᠨ ᠤᠯᠠᠨ ᠨᠡᠶᠢᠬᠡᠮ ᠤᠨ ᠡᠯ᠎ᠠ ᠡᠳᠡᠭᠡᠳ ᠤᠨ ᠬᠢᠨ ᠬᠦᠴᠤᠨ ᠴᠢᠳᠠᠯ ᠢᠶᠠᠨ ᠬᠠᠮᠳᠤᠳᠬᠠᠨ᠂ ᠠᠷᠭ᠎ᠠ ᠰᠠᠮᠪᠠᠭ᠎ᠠ ᠭᠠᠷᠭᠠᠬᠤ ᠨᠢ ᠠᠷᠭ᠎ᠠ ᠰᠦᠪᠡᠭᠴᠢᠯᠡᠵᠤ᠂ ᠬᠦᠴᠤᠨ ᠢᠶᠠᠨ ᠭᠠᠷᠭᠠᠬᠤ ᠨᠢ ᠬᠦᠴᠤᠨ ᠢᠶᠠᠨ ᠭᠠᠷᠭᠠᠵᠤ᠂ ᠮᠤᠳᠤ ᠪᠤᠷᠭᠠᠰᠤ ᠳᠠᠷᠢᠵᠤ ᠳᠡᠶᠢᠯᠬᠦ ᠨᠢ ᠳᠠᠷᠢᠵᠤ᠂ ᠠᠷᠠᠴᠢᠯᠠᠵᠤ ᠳᠡᠶᠢᠯᠬᠦ ᠨᠢ ᠠᠷᠠᠴᠢᠯᠠᠵᠤ᠂ ᠬᠠᠮᠠᠭᠠᠯᠠᠵᠤ ᠳᠡᠶᠢᠯᠬᠦ ᠨᠢ ᠬᠠᠮᠠᠭᠠᠯᠠᠵᠤ᠂ ᠬᠦᠴᠤᠨ ᠪᠦᠬᠦᠨ ᠢᠶᠠᠨ ᠬᠡᠷᠡᠭᠴᠡᠭᠡ ᠳᠤ ᠨᠢ ᠳᠠᠭᠠᠷᠠᠭᠤᠯᠵᠤ᠂ ᠲᠣᠬᠢᠷᠠᠭᠤᠯᠣᠭᠰᠠᠨ ᠠᠴᠠ ᠪᠦᠯᠬᠦᠮᠳᠡᠯ᠂ ᠳᠡᠮᠡᠴᠡᠯ᠂ ᠬᠠᠮᠳᠤ ᠶᠢᠨ ᠴᠢᠷᠮᠠᠶᠢᠯᠭ᠎ᠠ ᠶᠢᠨ ᠬᠦᠴᠤᠨ ᠳᠤ ᠤᠢᠢᠷ᠎ᠠ ᠶᠢᠨ ᠵᠢᠯ ᠤᠨ ᠠᠮᠢ ᠠᠬᠤᠢ ᠶᠡᠭᠡ ᠪᠠᠷ ᠦᠬᠡᠷᠡᠴᠢᠯᠡᠭᠳᠡᠭᠰᠡᠨ ᠦᠷ᠎ᠠ ᠠᠰᠢᠭ ᠢ ᠠᠪᠴᠢᠷᠠᠬᠰᠠᠨ ᠪᠠᠶᠢᠨ᠎ᠠ᠃ ᠪᠠᠷᠠᠭᠤᠨ ᠦᠵᠤᠮᠤᠴᠢᠨ ᠬᠤᠰᠢᠭᠤᠨ ᠤ ᠪᠠᠶᠠᠨᠴᠠᠭᠠᠨ ᠠᠭᠤᠯᠠᠨ ᠤ ᠬᠤᠪᠢᠷᠠᠯᠳᠠ᠂ ᠰᠢᠯᠦᠭᠤᠨ ᠬᠦᠬᠡ ᠬᠤᠰᠢᠭᠤᠨ ᠤ ᠦᠬᠡᠷᠴᠢᠨ ᠤᠪᠤᠭᠠᠨ ᠤ ᠦᠬᠡᠷᠡᠴᠢᠯᠡᠯᠳᠡ ᠁ ᠡᠳᠡᠭᠡᠷ ᠤᠯᠠᠨ ᠠᠮᠢ ᠠᠬᠤᠢ ᠶᠢᠨ ᠬᠤᠪᠢᠷᠠᠯᠳᠠ ᠦᠬᠡᠷᠡᠴᠢᠯᠡᠯᠳᠡ ᠶᠠᠭᠠᠬᠢᠵᠤ  ᠢᠷᠡᠪᠡ⁈ ᠤᠯᠠᠨ ᠬᠦᠮᠦᠰ ᠤᠨ ᠬᠡᠴᠢᠨᠡᠨ ᠵᠢᠯ ᠤᠨ ᠬᠦᠴᠤᠨ ᠵᠢᠳᠬᠦᠯ ᠢᠶᠠᠷ ᠪᠠᠭ᠎ᠠ ᠪᠠᠭ᠎ᠠ ᠪᠠᠷ᠂ ᠵᠢᠯ ᠤᠨ ᠵᠢᠯ ᠳᠤ᠂ ᠬᠡᠳᠤᠨ ᠠᠷᠪᠠᠨ ᠮᠦ᠂ ᠬᠡᠳᠤᠨ ᠵᠠᠭᠤᠨ ᠮᠦ᠂ ᠴᠢᠨᠠᠬᠰᠢᠯᠠᠨ ᠬᠡᠳᠤᠨ ᠮᠢᠩᠭᠠᠨ ᠮᠦ ᠶᠢᠨ ᠭᠠᠵᠠᠷ ᠢ ᠮᠤᠳᠤ ᠪᠤᠷᠭᠠᠰᠤ ᠳᠠᠷᠢᠵᠤ ᠤᠢᠢᠵᠢᠭᠤᠯᠵᠤ ᠬᠠᠮᠠᠭᠠᠯᠠᠬᠰᠠᠨ ᠤ ᠦᠷ᠎ᠠ ᠳ᠋ᠦᠡᠭ ᠪᠢᠰᠢ ᠬᠡᠵᠤ ᠤᠤ︖ ᠬᠤᠷᠢᠭᠠᠳ ᠵᠢᠯ ᠤᠨ ᠡᠮᠤᠨᠡᠬᠢ ᠨᠢᠳᠤ ᠦᠬᠡᠢ ᠬᠠᠷ᠎ᠠ ᠰᠠᠯᠬᠢ ᠤᠳᠤ ᠦᠵᠡᠭᠳᠡᠬᠦ ᠦᠬᠡᠢ ᠪᠤᠯᠤᠯ᠎ᠠ᠃ ᠪᠦᠬᠦᠳᠡᠭᠡᠷ ᠢᠶᠠᠨ ᠪᠦᠯᠬᠦᠮᠳᠡᠪᠡᠯ ᠪᠤᠷᠤᠭᠤᠳᠠᠬᠤ ᠦᠬᠡᠢ ᠭᠡᠳᠡᠭ ᠢᠶᠠᠷ ᠬᠠᠮᠳᠤ ᠪᠠᠷ ᠢᠶᠠᠨ ᠴᠢᠷᠮᠠᠶᠢᠬᠰᠠᠨ ᠤ ᠡᠴᠤᠰ ᠲᠤ ᠤᠳᠤᠬᠢ ᠠᠮᠢ ᠠᠬᠤᠢ ᠶᠢᠨ ᠰᠠᠶᠢᠵᠢᠷᠠᠯᠳᠠ ᠶᠢ ᠠᠪᠴᠢᠷᠠᠬᠰᠠᠨ ᠡᠨᠡᠬᠡᠨ ᠦᠷ᠎ᠠ ᠪᠦᠳᠤᠬᠡᠯ ᠢᠶᠠᠨ ᠪᠢᠳᠡ ᠨᠠᠨᠳᠢᠩᠨᠠᠵᠤ ᠶᠠᠪᠤᠶ᠎ᠠ᠂ ᠡᠨᠡᠬᠡᠨ ᠬᠦᠴᠤᠨ ᠢᠶᠠᠨ ᠪᠢᠳᠡ ᠪᠠᠳᠠᠷᠠᠭᠤᠯᠵᠤ ᠶᠠᠪᠤᠶ᠎ᠠ᠃         ︽ᠤᠯᠠᠨ ᠤ ᠬᠦᠴᠤᠨ ᠳᠤ ᠤᠪᠤᠭ᠎ᠠ ᠪᠤᠰᠤᠨ᠎ᠠ︾ ᠭᠡᠳᠡᠭ ᠮᠡᠷᠭᠡᠨ ᠦᠬᠡ ᠤᠨᠤᠳᠡᠢ ᠯᠡ ᠦᠬᠡ ᠪᠠᠶᠢᠵᠡᠢ᠃ ᠤᠳᠤ ᠪᠢᠳᠡ ᠡᠨᠡᠬᠦ ᠤᠯᠠᠨ ᠤ ᠬᠦᠴᠤᠨ ᠢᠶᠠᠨ ᠤᠯᠠᠮ ᠴᠢᠨᠠᠷᠵᠢᠭᠤᠯᠵᠤ ᠶᠠᠪᠤᠪᠠᠯ ᠵᠤᠬᠢᠯᠳᠡᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号