ᠦᠨᠡᠨᠴᠢ ᠢᠲᠡᠭᠡᠮᠵᠢᠲᠡᠶ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠠᠷᠠᠳ ᠤᠯᠠᠨ ᠳᠤ ᠦᠢᠯᠡᠴᠢᠯᠡᠵᠥ᠂ | ᠣᠯᠠᠨ ᠲᠦᠮᠡᠨ ᠤ ᠡᠷᠡᠭᠦᠯ ᠮᠡᠨᠳᠦ ᠶᠢᠨ ᠦᠢᠯᠡᠰ ᠲᠤ ᠬᠤᠪᠢ ᠨᠡᠮᠡᠷᠢ ᠦᠵᠡᠬᠦᠯᠵᠣ ᠶᠠᠪᠤᠭ᠎ᠠ ᠨᠢᠭᠡᠨ ᠠᠵᠤ ᠠᠬᠤᠢᠢᠯᠠᠯ | ᠪᠤᠯ ᠬᠥᠪᠡᠭᠡᠲᠥ ᠰᠢᠷ᠎ᠠ ᠬᠤᠰᠢᠭᠤᠨ ᠤ ᠡᠮ ᠡᠮᠨᠡᠯᠭᠡ ᠶᠢᠨ ᠬᠤᠯᠪᠣᠭ᠎ᠠ ᠪᠤᠯᠤᠨ᠎ᠠ᠃ ᠲᠤᠰ ᠬᠤᠯᠪᠤᠭ᠎ᠠ ᠨᠢ 2019 | ᠣᠨ ᠤ 8 ᠰᠠᠷ᠎ᠠ ᠳᠤ ᠪᠠᠶᠢᠭᠤᠯᠤᠭᠳᠠᠭᠰᠠᠨ ᠠᠴᠠ ᠨᠠᠭᠠᠰᠢ᠂ ᠨᠡᠶᠢᠭᠡᠮ ᠪᠠ ᠤᠯᠠᠨ ᠲᠥᠮᠡᠨ ᠳᠤ ᠡᠯ᠎ᠠ ᠲᠠᠯ᠎ᠠ ᠪᠠᠷ | ᠠᠰᠢᠭ ᠬᠥᠷᠲᠡᠭᠡᠵᠥ ᠢᠷᠡᠵᠡᠢ᠃ | ᠲᠤᠰ ᠬᠤᠰᠢᠭᠤᠨ ᠤ ᠡᠮ ᠡᠮᠨᠡᠯᠭᠡ ᠶᠢᠨ ᠬᠤᠯᠪᠣᠭ᠎ᠠ ᠨᠢ ᠪᠣᠣ ᠶᠤᠸᠠᠨ ᠡᠮ ᠤᠨ ᠳᠡᠯᠭᠡᠭᠦᠷ᠂ ᠠᠷᠠᠳ ᠲᠤ | ᠲᠥᠬᠦᠮ ᠦᠵᠡᠭᠦᠯᠬᠦ ᠡᠮ ᠤᠨ ᠳᠡᠯᠭᠡᠭᠦᠷ᠂ ᠢ ᠱᠸᠦ ᠲᠠᠩ ᠡᠮ ᠤᠨ ᠳᠡᠯᠭᠡᠭᠦᠷ᠂ ᠮᠡᠨᠳᠣ ᠡᠮ ᠤᠨ ᠳᠡᠯᠭᠡᠭᠦᠷ᠂ ᠬᠥ᠋ | ᠶᠤᠸᠠᠢ ᠡᠮ ᠤᠨ ᠳᠡᠯᠭᠡᠭᠦᠷ᠂ ᠵᠢᠤᠢ ᠢ ᠲᠠᠩ ᠡᠮ ᠤᠨ ᠳᠡᠯᠭᠡᠭᠦᠷ ᠵᠡᠷᠭᠡ 6 ᠳᠡᠯᠭᠡᠭᠦᠷ ᠢᠶᠠᠷ ᠪᠥᠷᠢᠯᠲᠥᠵᠥ᠂ 20 | ᠠᠵᠢᠯᠲᠠᠨ ᠲᠠᠢ᠃ ᠪᠦᠭᠦ ᠬᠤᠰᠢᠭᠤᠨ ᠤ ᠠᠷᠠᠳ ᠤᠯᠠᠨ ᠤ ᠡᠮ ᠬᠤᠳᠠᠯᠳᠤᠨ ᠠᠪᠬᠤ ᠠᠮᠤᠷ ᠲᠦᠪᠰᠢᠨ ᠢ ᠪᠠᠳᠣᠯᠠᠵᠣ | ᠂ ᠡᠮ ᠤᠨ ᠵᠦᠢᠯᠡᠰ ᠢ ᠬᠠᠳᠠᠭᠠᠯᠠᠬᠤ ᠪᠠ ᠪᠣᠷᠣᠯᠠᠭᠤᠯᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ | ᠲᠥᠯᠥᠭᠡ᠂ ᠲᠤᠰ ᠬᠤᠰᠢᠭᠤᠨ ᠤ ᠡᠮ ᠡᠮᠨᠡᠯᠭᠡ ᠶᠢᠨ ᠬᠤᠯᠪᠣᠭ᠎ᠠ ᠨᠢ ᠠᠩᠬ᠎ᠠ ᠪᠠᠶᠢᠭᠤᠯᠣᠬᠳᠠᠬᠤ ᠦᠶ᠎ᠡ ᠳᠤ 70 | ᠲᠦᠮᠡᠨ ᠲᠥᠭᠦᠷᠢᠭ ᠤᠨ ᠪᠠᠯᠠ ᠣᠷᠣᠭᠤᠯᠵᠤ᠂ ᠡᠯ᠎ᠡ ᠳᠡᠯᠭᠡᠭᠦᠷ ᠢᠶᠠᠨ ᠲᠠᠰ ᠳᠡᠪᠰᠢᠭᠦᠯᠦᠨ ᠵᠠᠰᠠᠨ ᠴᠢᠮᠡᠭᠯᠡᠬᠦ ᠶᠢᠨ | ᠬᠠᠮᠲᠤ ᠵᠥᠭᠡᠯᠡᠨ᠂ ᠬᠠᠲᠠᠭᠤ ᠲᠣᠨᠤᠭ ᠲᠥᠬᠦᠭᠡᠷᠦᠮᠵᠢ ᠶᠢ ᠲᠠᠰ ᠲᠡᠪᠰᠢᠬᠦᠯᠵᠥ᠂ ᠳᠡᠯᠭᠡᠭᠦᠷ ᠤᠨ ᠠᠵᠢᠯᠲᠠᠳ ᠲᠤ | ᠴᠠᠭ ᠲᠤᠬᠠᠶ ᠳᠤ ᠨᠢ ᠡᠮ ᠤᠨ ᠵᠦᠢᠯᠡᠰ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠣᠷᠠᠯ ᠭᠦᠷᠳᠡᠭᠡᠵᠡᠢ᠃ | ᠡᠨᠡ ᠲᠤᠬᠠᠢ ᠲᠤᠰ ᠬᠤᠰᠢᠭᠤᠨ ᠤ ᠡᠮ ᠡᠮᠨᠡᠯᠭᠡ ᠶᠢᠨ ᠬᠤᠯᠪᠣᠭᠠᠨ ᠤ ᠳᠠᠭᠠᠭᠠᠮᠠᠯ ᠬᠤᠣᠰᠪᠢᠯᠢᠭ᠌ ᠰᠤᠷᠪᠤᠯᠵᠢᠯᠠᠭ᠎ᠠ | ᠬᠥᠯᠢᠶᠡᠬᠦ ᠳᠤ ᠪᠠᠨ᠄ ︽ᠪᠢᠳᠡ ᠡᠮ ᠡᠮᠨᠡᠯᠭᠡ ᠶᠢᠨ ᠬᠤᠯᠪᠣᠭ᠎ᠠ ᠪᠠᠶᠢᠭᠤᠯᠤᠭᠰᠠᠨ ᠭᠤᠤᠯ ᠰᠢᠯᠲᠠᠭᠠᠨ ᠨᠢ ᠮᠠᠨ ᠤ | ᠬᠤᠰᠢᠭᠤᠨ ᠤ ᠡᠮ ᠤᠨ ᠦᠨ᠎ᠡ ᠬᠠᠷᠢᠴᠠᠩᠭᠤᠶ ᠪᠠᠷ ᠦᠨᠳᠤᠷ ᠪᠠᠶᠢᠲᠠᠯ ᠲᠤᠤᠷ᠎ᠠ ᠬᠤᠯᠪᠣᠭ᠎ᠠ ᠪᠠᠶᠢᠭᠤᠯᠤᠨ ᠬᠠᠮᠲᠤᠷᠠᠨ | ᠡᠵᠡᠩᠨᠡᠬᠦ ᠠᠷᠭ᠎ᠠ ᠬᠡᠯᠪᠡᠷᠢ ᠶᠢ ᠭᠡᠷᠡᠭᠵᠢᠭᠦᠯᠦᠭᠰᠡᠨ ᠢᠶᠠᠷ ᠣᠳᠣ ᠮᠠᠰᠢ ᠣᠯᠠᠨ ᠦᠢᠯᠡᠳᠪᠦᠷᠢ ᠪᠢᠳᠠᠨ ᠲᠠᠢ | ᠬᠠᠮᠲᠤᠷᠠᠨ ᠠᠵᠢᠯᠯᠠᠬᠤ ᠳᠤᠷᠠᠲᠠᠶ ᠪᠠᠶᠢᠨ᠎ᠠ᠃ ᠡᠶᠢᠨ ᠬᠦ ᠪᠢᠳᠡ ᠪᠠᠷᠠᠭ᠎ᠠ ᠣᠷᠣᠭᠤᠯᠬᠤ ᠦᠨ᠎ᠡ ᠶᠢ ᠪᠠᠭᠤᠷᠠᠭᠤᠯᠵᠤ᠂ | ᠢᠯᠡᠭᠦᠦ ᠭᠠᠷᠤᠭᠰᠠᠨ ᠠᠰᠢᠭ ᠢᠶᠠᠷ ᠢᠶᠠᠨ ᠠᠷᠠᠳ ᠣᠯᠠᠨ ᠳᠤ ᠠᠰᠢᠭ ᠬᠦᠷᠲᠡᠭᠡᠵᠦ᠂ ᠠᠷᠠᠳ ᠣᠯᠠᠨ ᠤ ᠡᠮ | ᠬᠤᠳᠠᠯᠳᠤᠨ ᠠᠪᠬᠤ ᠳᠤ ᠲᠥᠬᠦᠮ᠂ ᠲᠦᠷᠭᠡᠨ᠂ ᠠᠮᠤᠷ ᠲᠦᠪᠰᠢᠨ ᠦᠢᠯᠡᠴᠢᠯᠡᠭᠡ ᠬᠠᠨᠭ᠍ᠭᠠᠵᠦ ᠪᠤᠢ᠃ ᠶᠠᠰᠤ | ᠴᠢᠨᠠᠷ ᠤᠨ ᠪᠠᠲᠤᠯᠠᠭ᠎ᠠ ᠪᠠ ᠬᠠᠮᠢᠶᠠᠷᠤᠯᠲᠠ ᠴᠢᠩᠭ᠎ᠠ ᠪᠤᠯᠬᠤᠷ ᠡᠨᠡ ᠬᠤᠶᠠᠷ ᠵᠢᠯ ᠤᠨ ᠲᠣᠷᠰᠢ ᠮᠠᠨ ᠤ ᠡᠮ | ᠡᠮᠨᠡᠯᠭᠡ ᠶᠢᠨ ᠬᠤᠯᠪᠣᠭ᠎ᠠ ᠠᠷᠠᠳ ᠣᠯᠠᠨ ᠤ ᠢᠲᠡᠭᠡᠯ ᠪᠠ ᠳᠡᠮᠵᠢᠯᠭᠡ ᠶᠢ ᠣᠯᠣᠬᠰᠠᠭᠠᠷ ᠢᠷᠡᠭᠰᠡᠨ ᠪᠠᠶᠢᠨ᠎ᠠ︾ ᠭᠡᠵᠥ | ᠲᠠᠨᠢᠯᠴᠠᠭᠤᠯᠤᠯ᠎ᠠ᠃ | ᠣᠳᠣᠬᠠᠨ ᠳᠤ ᠲᠤᠰ ᠬᠤᠰᠢᠭᠤᠨ ᠤ ᠡᠮ ᠡᠮᠨᠡᠯᠭᠡ ᠶᠢᠨ ᠬᠤᠯᠪᠣᠭ᠎ᠠ ᠨᠢ ᠡᠳ᠋ ᠤᠨ ᠶᠠᠪᠤᠳᠠᠯ᠂ ᠬᠤᠳᠠᠯᠳᠤᠨ | ᠠᠪᠬᠤ᠂ ᠬᠠᠮᠢᠶᠠᠷᠤᠯᠲᠠ ᠶᠢ ᠨᠢᠭᠡᠳᠦᠯᠲᠡᠶ ᠪᠠᠶᠢᠯᠭᠠᠬᠤ ᠵᠠᠭᠪᠤᠷ ᠢᠶᠠᠷ ᠡᠵᠡᠩᠨᠡᠯᠳᠡ ᠭᠢᠵᠦ᠂ ᠪᠥᠬᠦ ᠬᠤᠰᠢᠭᠤᠨ ᠤ | ᠠᠷᠠᠳ ᠤᠯᠠᠨ ᠳᠤ ᠬᠠᠨᠣᠮᠵᠢᠳᠠᠢ ᠡᠮ ᠡᠮᠨᠡᠯᠭᠡ ᠶᠢᠨ ᠦᠢᠯᠡᠴᠢᠯᠡᠭᠡ ᠬᠠᠨᠭ᠍ᠭᠠᠬᠤ ᠵᠣᠷᠢᠯᠲᠠ ᠪᠠᠷ᠂ ᠬᠠᠭᠤᠷᠮᠠᠭ ᠡᠮ | ᠤᠨ ᠵᠠᠬ᠎ᠠ ᠳᠡᠯᠭᠡᠭᠦᠷ ᠲᠤ ᠣᠷᠣᠬᠤ ᠶᠢ ᠴᠢᠩᠭ᠎ᠠ ᠬᠤᠷᠢᠭᠯᠠᠵᠤ᠂ ᠡᠮ ᠤᠨ ᠦᠨ᠎ᠡ ᠬᠠᠩᠰᠢ ᠶᠢ ᠬᠠᠮᠤᠭ ᠳᠤᠤᠷ᠎ᠠ | ᠬᠡᠮᠵᠢᠶᠡᠨ ᠳᠤ ᠬᠦᠷᠲᠡᠯ᠎ᠡ ᠪᠠᠭᠤᠷᠠᠭᠤᠯᠵᠠᠢ᠃ 2020 ᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠢ ᠰᠡᠷᠭᠡᠶᠢᠯᠡᠨ ᠬᠤᠷᠢᠭᠯᠠᠬᠤ ᠬᠤᠭᠤᠴᠠᠭᠠᠨ ᠳᠤ᠂ ᠲᠤᠰ ᠡᠮ ᠡᠮᠨᠡᠯᠭᠡ ᠶᠢᠨ ᠬᠤᠯᠪᠣᠭ᠎ᠠ ᠠᠴᠠ ᠬᠥᠪᠥᠩ | ᠬᠥᠨᠵᠢᠯᠡ᠂ ᠠᠮᠠᠪᠴᠢ᠂ ᠠᠷᠢᠭᠤᠳᠬᠠᠬᠤ ᠰᠢᠩᠭᠡᠨ ᠵᠡᠷᠭᠡ ᠡᠳ᠋ ᠪᠣᠳᠠᠰ ᠢ ᠪᠡᠯᠡᠳᠬᠡᠵᠦ᠂ ᠲᠤᠬᠠᠶ ᠶᠢᠨ ᠭᠠᠵᠠᠷ ᠤᠨ | ᠰᠠᠯᠠᠭ᠎ᠠ ᠮᠥᠴᠢᠷ ᠢᠶᠠᠷ ᠳᠡᠮᠵᠢᠨ ᠬᠢᠵᠢᠭ ᠲᠠᠢ ᠲᠡᠮᠡᠴᠡᠬᠦ ᠡᠮᠦᠨ᠎ᠡ ᠹᠷᠣᠨᠲ ᠲᠤ ᠭᠦᠷᠭᠡᠭᠰᠡᠨ ᠤ ᠬᠠᠮᠳᠣ᠂ | ᠬᠤᠰᠢᠭᠤᠨ ᠤ ᠡᠮ ᠡᠮᠨᠡᠯᠭᠡ ᠶᠢᠨ ᠬᠤᠯᠪᠣᠭᠠᠨ ᠳᠠᠬᠢ ᠠᠷᠠᠳ ᠲᠤ ᠲᠥᠬᠦᠮ ᠦᠵᠡᠭᠦᠯᠬᠦ ᠡᠮ ᠤᠨ ᠳᠡᠯᠭᠡᠭᠦᠷ ᠠᠴᠠ | ᠴᠡᠬᠡᠯ ᠲᠣᠭᠤᠷᠢᠭ ᠲᠤ 3 ᠲᠦᠮᠡ ᠭᠠᠷᠤᠶ ᠲᠥᠭᠦᠷᠢᠭ ᠤᠨ ᠥᠷᠲᠡᠭ ᠪᠥᠬᠦᠶ ᠨᠡᠬᠦᠲᠡᠯ ᠬᠡᠷ ᠬᠦᠷᠭᠡᠵᠡᠶ᠃ ᠡᠬᠦᠨ ᠤ | ᠬᠠᠮᠲᠤ ᠬᠢᠵᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠳᠤᠷ᠎ᠠ ᠪᠠᠷ ᠢᠶᠠᠨ ᠦᠨ᠎ᠡ ᠥᠰᠬᠡᠬᠦ ᠦᠭᠡᠢ ᠪᠠᠶᠢᠬᠤ | ᠵᠠᠷᠴᠢᠮ ᠢ ᠪᠠᠷᠢᠮᠲᠠᠯᠠᠵᠤ᠂ ᠬᠢᠵᠢᠭ ᠲᠠᠢ ᠲᠡᠮᠡᠴᠡᠬᠦ ᠡᠳ᠋ ᠪᠣᠳᠠᠰ ᠤᠨ ᠦᠨ᠎ᠡ ᠬᠠᠩᠰᠢ ᠶᠢ ᠢᠮᠠᠭᠲᠠ ᠬᠠᠮᠤᠭ ᠤᠨ | ᠳᠣᠣᠷ᠎ᠠ ᠬᠡᠮᠵᠢᠶᠡᠨ ᠳᠤ ᠬᠢᠵᠠᠭᠠᠷᠯᠠᠵᠤ᠂ ᠤᠯᠠᠨ ᠲᠦᠮᠡᠨ ᠤ ᠡᠳ᠋ ᠪᠣᠳᠠᠰ ᠤᠨ ᠬᠡᠷᠡᠭᠴᠡᠭᠡ ᠶᠢ ᠪᠠᠲᠤᠯᠠᠪᠠ᠃ ᠡᠨᠡ | ᠵᠢᠯ ᠤᠨ 7 ᠰᠠᠷ᠎ᠠ ᠳᠤ ᠲᠤᠮᠲᠠᠲᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢᠨ | ᠪᠠᠶᠠᠷ ᠲᠤ ᠲᠤᠬᠢᠶᠠᠯᠲᠤᠭᠤᠯᠤᠨ᠂ ᠲᠤᠰ ᠬᠤᠯᠪᠤᠭ᠎ᠠ ᠠᠴᠠ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ | ᠦᠷᠨᠢᠭᠦᠯᠵᠦ᠂ ᠠᠶᠢᠯ ᠭᠡᠷ ᠲᠤ ᠪᠠᠶᠢᠭ᠎ᠠ ᠬᠤᠭᠤᠴᠠᠭ᠎ᠠ ᠨᠢ ᠬᠡᠲᠦᠷᠡᠭᠰᠡᠨ ᠡᠮ ᠤᠨ ᠵᠦᠢᠯ ᠢ ᠬᠤᠷᠢᠶᠠᠨ ᠠᠪᠬᠤ ᠶᠢᠨ | ᠬᠠᠮᠲᠤ᠂ ᠵᠣᠬᠢᠬᠤ ᠣᠷᠣᠯᠠᠬᠤ ᠪᠣᠳᠠᠰ ᠵᠢᠴᠢ ᠪᠡᠯᠡᠭ ᠭᠦᠷᠭᠡᠵᠦ᠂ ᠪᠥᠬᠦ ᠬᠤᠰᠢᠭᠤᠨ ᠤ ᠪᠣᠬᠢᠷᠲᠤᠯ ᠥᠬᠡᠶ ᠣᠷᠴᠢᠨ | ᠲᠣᠭᠤᠷᠢᠨ ᠢ ᠬᠠᠮᠠᠭᠠᠯᠠᠬᠤ ᠦᠢᠯᠡᠰ ᠲᠤ ᠬᠤᠪᠢ ᠨᠡᠮᠡᠷᠢ ᠦᠵᠡᠬᠦᠯᠵᠣ᠂ ᠠᠷᠠᠳ ᠣᠯᠠᠨ ᠤ ᠵᠣᠯ ᠵᠢᠷᠭᠠᠯᠲᠤ | ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠨᠡᠮᠡᠭᠲᠡᠬᠦᠯᠥᠭᠰᠡᠨ ᠪᠠᠶᠢᠨ᠎ᠠ᠃ |