ᠰᠣᠷᠭᠠᠨ ᠬᠥᠮᠥᠵᠢᠯ ᠤᠨ ᠶᠠᠮᠤᠨ ᠨᠡᠶᠢᠳᠡᠯᠡᠭᠰᠡᠨ ᠢᠶᠠᠷ᠂ ᠰᠤᠷᠤᠬᠴᠢᠳ ᠤᠨ ︽ᠬᠤᠶᠠᠷ ᠲᠠᠯ᠎ᠠ ᠶᠢᠨ ᠲᠠᠷᠤᠭᠠᠰᠣ | ᠶᠢ ᠬᠥᠩᠭᠡᠷᠡᠭᠦᠯᠬᠦ︾ ᠪᠤᠳᠤᠯᠭ᠎ᠠ ᠶᠢ ᠭᠡᠷᠡᠭᠵᠢᠬᠦᠯᠥᠭᠰᠡᠨ ᠠᠴᠠ ᠨᠠᠭᠠᠰᠢ᠂ ᠰᠤᠷᠭᠠᠭᠤᠯᠢ ᠶᠢᠨ ᠭᠠᠳᠠᠨᠠᠬᠢ | ᠪᠤᠯᠪᠠᠰᠣᠷᠠᠯ ᠰᠤᠷᠭᠠᠯᠳᠡ ᠶᠢᠨ ᠭᠠᠵᠠᠷ ᠵᠠᠭᠤᠨ ᠤ 83.8 ᠪᠠᠷ ᠪᠠᠭᠠᠰᠴᠣ᠂ ᠰᠥᠯᠵᠢᠶᠡᠨ ᠲᠡᠭᠡᠷ᠎ᠡ ᠰᠤᠷᠭᠠᠯᠳᠡ ᠬᠢᠬᠦ | ᠰᠤᠷᠭᠠᠭᠤᠯᠢ ᠶᠢᠨ ᠭᠠᠳᠠᠨᠠᠬᠢ ᠪᠤᠯᠪᠠᠰᠣᠷᠠᠯ ᠰᠤᠷᠭᠠᠯᠳᠡ ᠶᠢᠨ ᠭᠠᠵᠠᠷ ᠵᠠᠭᠤᠨ ᠤ 84.1 ᠪᠠᠷ ᠪᠠᠭᠠᠰᠴᠠᠢ᠃ ᠡᠭᠦᠨ ᠤ | ᠵᠡᠷᠭᠡᠪᠡᠷ ᠰᠤᠷᠭᠠᠭᠤᠯᠢ ᠶᠢᠨ ᠲᠤᠳᠤᠷᠠᠬᠢ ᠬᠢᠴᠢᠶᠠᠯ ᠤᠨ ᠲᠠᠷᠤᠭᠠᠰᠣ ᠶᠢ ᠭᠦᠩᠭᠡᠷᠡᠭᠦᠯᠬᠦ ᠠᠵᠢᠯ ᠴᠤ ᠢᠯᠡᠷᠭᠡᠢ ᠥᠷ᠎ᠠ | ᠪᠥᠳᠥᠮᠵᠢ ᠣᠯᠣᠬᠰᠠᠨ ᠪᠠᠶᠢᠨ᠎ᠠ᠃ | ᠰᠣᠷᠭᠠᠨ ᠬᠥᠮᠥᠵᠢᠯ ᠤᠨ ᠶᠠᠮᠤᠨ ᠤ ᠬᠠᠮᠢᠶᠠᠳᠡᠢ ᠬᠠᠷᠢᠭᠤᠴᠠᠯᠭᠠᠳᠠᠨ ᠤ ᠲᠠᠨᠢᠯᠴᠠᠭᠤᠯᠤᠬᠰᠠᠨ ᠢᠶᠠᠷ᠂ ᠬᠢᠴᠢᠶᠠᠯ | ᠲᠥᠷᠥᠯ ᠤᠨ ᠪᠤᠯᠪᠠᠰᠣᠷᠠᠯ ᠢ ᠶᠡᠬᠡᠪᠡᠷ ᠪᠠᠭᠠᠰᠬᠠᠵᠦ᠂ ᠥᠯᠡᠳᠡᠭᠰᠡᠨ ᠪᠤᠯᠪᠠᠰᠣᠷᠠᠯ ᠰᠤᠷᠭᠠᠯᠳᠡ ᠶᠢᠨ ᠭᠠᠵᠠᠷ ᠤᠨ | ᠵᠠᠷᠢᠮ ᠢ ᠨᠢ ᠠᠰᠢᠭ ᠤᠷᠤᠯᠭ᠎ᠠ ᠶᠢᠨ ᠪᠤᠰᠤ ᠪᠠᠶᠢᠭᠤᠯᠤᠮᠵᠢ ᠪᠤᠯᠭᠠᠨ ᠬᠤᠪᠢᠷᠠᠭᠤᠯᠵᠦ᠂ ᠬᠤᠪᠢᠷᠠᠭᠤᠯᠬᠤ ᠪᠤᠯᠤᠮᠵᠢ | ᠦᠭᠡᠢ ᠪᠤᠯᠪᠠᠰᠣᠷᠠᠯ ᠰᠤᠷᠭᠠᠯᠳᠡ ᠶᠢᠨ ᠭᠠᠵᠠᠷ ᠢ ᠴᠢᠨᠠᠬᠰᠢᠳᠡ ᠵᠣᠬᠰᠣᠭᠠᠬᠤ ᠪᠤᠯᠤᠨ᠎ᠠ᠃ | ᠰᠤᠷᠭᠠᠨ ᠬᠥᠮᠥᠵᠢᠯ ᠤᠨ ᠶᠠᠮᠤᠨ ᠢᠯᠡᠷᠬᠡᠶᠢᠯᠡᠬᠦ ᠳᠡᠭᠡᠨ᠂ ᠳᠠᠷᠠᠭ᠎ᠠ ᠠᠯᠬᠤᠮ ᠳᠤ ᠰᠤᠷᠭᠠᠨ ᠬᠥᠮᠥᠵᠢᠯ ᠤᠨ | ᠶᠠᠮᠤᠨ ᠪᠤᠰᠤᠳ ᠰᠠᠯᠠᠭ᠎ᠠ ᠮᠥᠴᠢᠷ ᠲᠠᠢ ᠬᠠᠮᠳᠣᠷᠡᠵᠦ ᠪᠠᠶᠢᠭᠠᠳ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ | ᠰᠤᠷᠭᠠᠯᠳᠡ ᠶᠢᠨ ᠭᠠᠵᠠᠷ ᠢ ᠬᠢᠨᠠᠵᠦ ᠬᠠᠮᠢᠶᠠᠷᠬᠤ ᠵᠠᠰᠠᠭ ᠵᠠᠬᠢᠷᠭᠠᠨ ᠤ ᠬᠠᠣᠯᠢ ᠭᠡᠷᠡᠭᠵᠢᠬᠦᠯᠬᠦ ᠠᠵᠢᠯ ᠢ ᠠᠬᠢᠭᠤᠯᠬᠤ | ᠪᠤᠯᠤᠨ᠎ᠠ ᠭᠡᠵᠡᠢ᠃ |