ᠯᠦᠸᠧ ᠴᠢᠩ ᠠᠶᠢᠮᠠᠭ ᠤᠨ ᠰᠢᠨ᠎ᠡ ᠳᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ  ᠭᠠᠵᠠᠷ ᠤᠨ ᠭᠤᠤᠯᠳᠠᠯᠭ᠋ ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/5
    ᠤᠶᠢᠷ᠎ᠠ ᠳᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ᠂ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠯᠦᠸᠧ ᠴᠢᠩ ᠠᠶᠢᠮᠠᠭ ᠤᠨ ᠰᠢᠨ᠎ᠡ ᠳᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠭᠤᠣᠯᠳᠠᠯᠭ᠎ᠠ ᠲᠠᠢ  ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ  ᠸᠢᠳᠢᠤ᠋ ᠬᠡᠯᠪᠡᠷᠢ  ᠶᠢᠨ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠢᠯᠠᠩᠭᠤᠶ᠎ᠠ ︽ᠬᠤᠶᠠᠷ ᠪᠠᠶᠠᠷ︾ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃       ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠢ ᠵᠢᠯᠤᠭᠤᠳᠤᠬᠴᠢ ᠵᠠᠩ ᠢ᠂ ᠵᠢᠢ ᠬᠦᠢ ᠯᠢ ᠨᠠᠷ ᠬᠤᠷᠠᠯ ᠳᠤ ᠣᠷᠣᠯᠴᠠᠪᠠ᠃     ᠬᠤᠷᠠᠯ ᠠᠴᠠ ᠵᠢᠭᠠᠵᠤ ᠭᠠᠷᠭᠠᠬᠤ ᠳᠠᠭᠠᠨ᠂ ᠰᠢᠨ᠎ᠡ ᠵᠢᠯ᠂ ᠴᠠᠭᠠᠨ ᠰᠠᠷ᠎ᠠ ᠶᠢᠨ ︽ᠬᠤᠶᠠᠷ ᠪᠠᠶᠠᠷ︾ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠪᠣᠯ ᠣᠳᠣᠬᠠᠨ ᠤ ᠨᠢᠭᠡᠨ ᠴᠢᠬᠤᠯᠠ ᠶᠡᠭᠡ ᠪᠥᠭᠡᠳ ᠪᠠᠴᠢᠮ ᠲᠤᠯᠭᠠᠮ᠎ᠠ ᠤᠯᠤᠰ ᠲᠥᠷᠥ ᠶᠢᠨ ᠡᠭᠦᠷᠭᠡ ᠮᠥᠨ᠃ ᠡᠯ᠎ᠡ ᠭᠠᠵᠠᠷ ᠤᠨ ᠡᠯ᠎ᠡ ᠰᠠᠯᠠᠭ᠎ᠠ ᠮᠥᠴᠢᠷ ᠤᠨ ᠬᠢᠨ ︽ᠬᠤᠣᠰ ᠵᠠᠭᠤᠨ︾ ᠤ ᠪᠣᠭᠤᠮᠲᠠ ᠰᠢᠪᠲᠤᠯᠬᠤ ᠠᠵᠢᠯᠯᠠᠭ᠎ᠠ ᠳᠤ ᠵᠢᠭᠰᠠᠭᠠᠨ ᠪᠠᠶᠢᠴᠠᠭᠠᠵᠤ ᠭᠠᠷᠭᠠᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠳᠠᠭᠤᠳᠠᠯ ᠲᠠᠢ ᠲᠠᠯ᠎ᠠ ᠲᠠᠢ ᠬᠠᠷᠢᠴᠠᠭᠤᠯᠵᠤ᠂ ᠭᠤᠣᠯᠳᠠᠯᠭ᠎ᠠ ᠲᠠᠢ ᠪᠠᠷ ︽ᠰᠡᠷᠭᠡᠶᠢᠯᠡᠬᠦ︾ ᠳᠡᠭᠡᠷ᠎ᠡ ᠬᠦᠴᠦ ᠲᠠᠯᠪᠢᠵᠤ᠂ ᠴᠡᠭᠴᠡᠯᠡᠨ ᠰᠠᠶᠢᠵᠢᠷᠠᠭᠤᠯᠬᠤ᠂ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠵᠢᠷᠤᠮᠵᠢᠯ ᠢ ᠨᠠᠶᠢᠳᠠᠪᠤᠷᠢᠵᠢᠭᠤᠯᠬᠤ᠂ ᠬᠢᠨᠠᠯᠲᠠ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠶᠢ ᠦᠨᠡᠨᠬᠦ ᠪᠡᠶᠡᠯᠡᠭᠦᠯᠵᠦ᠂  ᠪᠤᠭᠤᠮᠳᠠ ᠪᠠ ᠪᠦᠬᠦ ᠲᠠᠯ᠎ᠠ ᠶᠢ ᠵᠠᠰᠠᠬᠤ᠂ ᠡᠬᠢ ᠡᠭᠦᠰᠦᠯ ᠢ ᠨᠢ ᠠᠳᠬᠤᠨ ᠦᠨᠳᠦᠰᠦ ᠠᠴᠠ ᠨᠢ ᠵᠠᠰᠠᠬᠤ ᠪᠠᠷ ᠳᠠᠮᠵᠢᠭᠤᠯᠵᠤ᠂ ᠪᠤᠢ ᠪᠦᠬᠦᠢ ᠭᠤᠭᠴᠤᠭ᠎ᠠ ᠣᠷᠣᠨ ᠪᠦᠰᠡ ᠳᠤ ᠬᠠᠮᠢᠶᠠᠷᠤᠯᠲᠠ ᠪᠠᠨ ᠠᠯᠳᠠᠬᠤ ᠦᠭᠡᠢ᠂ ᠬᠠᠮᠢᠶᠠᠷᠤᠯᠲᠠ ᠶᠢ ᠣᠷᠬᠢᠭᠳᠠᠭᠤᠯᠬᠤ ᠦᠭᠡᠢ᠂ ᠰᠡᠷᠭᠡᠶᠢᠯᠡᠯᠲᠡ ᠶᠢ ᠰᠤᠯᠠᠳᠬᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃     ᠬᠤᠷᠠᠯ ᠠᠴᠠ ᠱᠠᠭᠠᠷᠳᠠᠬᠤ ᠳᠠᠭᠠᠨ᠂ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠤᠪᠤᠶᠢᠮ᠎ᠠ ᠰᠠᠶᠢᠲᠤᠷ ᠠᠳᠬᠤᠵᠤ᠂ ︽ᠭᠠᠳᠠᠨ᠎ᠠ ᠠᠴᠠ ᠤᠷᠤᠵᠦ ᠢᠷᠡᠬᠦ ᠶᠢ ᠰᠡᠷᠭᠡᠶᠢᠯᠡᠬᠦ︾ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠬᠠᠮᠤᠭ ᠰᠡᠭᠦᠯᠴᠢ ᠶᠢᠨ ᠰᠡᠷᠭᠡᠶᠢᠯᠡᠯᠲᠡ ᠶᠢᠨ ᠱᠤᠭᠤᠮ ᠪᠣᠯᠭᠠᠵᠤ᠂ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠠᠷᠭ᠎ᠠ ᠬᠡᠮᠵᠢᠶ᠎ᠠ ᠶᠢ ᠴᠢᠩᠭᠠᠳᠬᠠᠵᠤ᠂ ᠪᠣᠭᠤᠮᠲᠠ ᠪᠠᠷ ᠥᠩᠭᠡᠷᠡᠬᠦ ᠶᠠᠪᠤᠴᠠ ᠶᠢ ᠰᠢᠯᠢᠳᠡᠭᠵᠢᠭᠦᠯᠵᠦ᠂ ᠬᠢᠵᠢᠭ ᠪᠠᠶᠢᠴᠠᠭᠠᠨ ᠰᠢᠯᠭᠠᠬᠤ ᠪᠠ ᠬᠥᠮᠦᠨ ᠬᠠᠷ᠎ᠠ᠂ ᠲᠡᠷᠭᠡ ᠭᠦᠰᠭᠡ᠂ ᠡᠳ᠋ ᠪᠣᠳᠠᠰ ᠤᠨ ᠬᠠᠮᠢᠶᠠᠷᠤᠯᠲᠠ ᠶᠢ ᠴᠢᠩᠭᠠᠳᠬᠠᠵᠤ᠂ ᠣᠷᠣᠵᠤ ᠢᠷᠡᠪᠡᠯ ᠵᠠᠪᠠᠯ ᠰᠢᠯᠭᠠᠨ ᠪᠠᠶᠢᠴᠠᠭᠠᠬᠤ᠂ ᠣᠷᠣᠵᠤ ᠢᠷᠡᠪᠡᠯ ᠵᠠᠪᠠᠯ ᠠᠷᠢᠭᠤᠳᠬᠠᠬᠤ ᠶᠢ ᠪᠡᠶᠡᠯᠡᠭᠦᠯᠵᠦ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠮᠨᠡᠯᠭᠡ ᠶᠢᠨ ᠬᠤᠷᠢᠶᠠᠨ ᠤ ᠲᠤᠳᠤᠭᠠᠳᠤᠬᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠪᠣᠳᠠᠲᠠᠢ ᠠᠳᠬᠤᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠵᠤ᠂ ᠨᠢᠭᠡᠳᠦᠭᠡᠷ ᠹᠷᠣᠨᠲ ᠤᠨ ᠡᠮᠨᠡᠯᠭᠡ ᠶᠢᠨ ᠠᠵᠢᠯᠳᠠᠨ ᠤ ᠪᠣᠯᠪᠠᠰᠤᠷᠠᠯ ᠢ ᠴᠢᠩᠭᠠᠳᠬᠠᠬᠤ ᠬᠡᠷᠡᠭᠲᠡᠢ᠃ ᠨᠡᠶᠢᠭᠡᠮ ᠤᠨ ᠲᠠᠯ᠎ᠠ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠤᠯᠠᠨ ᠲᠦᠮᠡᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠬᠤᠪᠢ ᠬᠥᠮᠦᠨ ᠤ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠯᠭᠡᠵᠦ᠂ ᠭᠤᠣᠯᠳᠠᠯᠭ᠎ᠠ ᠲᠠᠢ ᠲᠠᠯᠠᠪᠤᠷ ᠭᠠᠵᠠᠷ ᠢ ᠴᠢᠩᠭ᠎ᠠ ᠬᠠᠮᠢᠶᠠᠷᠴᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠨᠢᠭᠲᠠ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠲᠤ ᠪᠠᠬᠢ ᠪᠣᠯᠭᠠᠬᠤ ᠬᠡᠷᠡᠭᠲᠡᠶ ᠭᠡᠪᠡ᠃     ᠬᠤᠷᠠᠯ ᠠᠴᠠ ᠴᠢᠬᠤᠯᠠᠴᠢᠯᠠᠬᠤ ᠳᠠᠭᠠᠨ᠂ ᠪᠥᠬᠦ ᠠᠶᠢᠮᠠᠭ ᠤᠨ ︽ᠨᠢᠭᠡᠳᠦᠯᠲᠠᠢ ᠬᠠᠮᠢᠶᠠᠷᠬᠤ︾ ᠦᠵᠡᠯ ᠰᠠᠨᠠᠭ᠎ᠠ ᠶᠢ ᠪᠣᠶ ᠪᠣᠯᠭᠠᠵᠤ᠂ ᠡᠯ᠎ᠡ ᠲᠤᠰᠬᠠᠶ ᠠᠩᠭᠢ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ᠂ ︽ᠬᠤᠶᠠᠷ ᠪᠠᠶᠠᠷ︾ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠲᠤᠷ ᠬᠢᠵᠦ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠱᠠᠯᠠᠪᠳᠠᠭᠤᠯᠤᠨ ᠪᠠᠶᠢᠴᠠᠭᠠᠵᠤ ᠲᠤᠯᠭᠠᠨ ᠠᠰᠠᠭᠤᠬᠤ ᠬᠦᠴᠦᠯᠡᠴᠡ ᠶᠢ ᠨᠡᠮᠡᠭᠳᠡᠭᠦᠯᠦᠨ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠶ ᠭᠡᠪᠡ᠃                                            ᠣᠷᠴᠢᠭᠤᠯᠣᠭᠴᠢ᠄ ᠣᠶᠣᠩᠬᠤᠸᠠᠷ
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号