ᠶᠤᠤ ᠶᠦᠩ ᠪᠥᠸᠧ ᠰᠢᠯᠢ ᠶᠢᠨ ᠬᠤᠲᠠ ᠳᠤ ᠭᠦᠨᠵᠡᠭᠡᠶᠢᠷᠡᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/1/5
    1 ᠳ᠋ᠤᠭᠡᠷ ᠰᠠᠷ᠎ᠠ ᠶᠢᠨ 2 ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠶᠤᠤ ᠶᠦᠩ ᠪᠥᠸᠧ ᠰᠢᠯᠢ ᠶᠢᠨ ᠬᠤᠲᠠ ᠳᠤ ᠭᠦᠨᠵᠡᠭᠡᠶᠢᠷᠡᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠤᠯᠭᠠᠵᠦ᠂ ᠬᠤᠲᠠ ᠶᠢᠨ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠠᠵᠢᠯ ᠢ ᠴᠢᠨᠠᠷ ᠰᠠᠶᠢᠲᠠᠶ ᠳᠥᠯᠭᠢᠨ ᠠᠬᠢᠭᠤᠯᠵᠤ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠴᠢᠬᠤᠯᠠᠴᠢᠯᠠᠪᠠ᠃     ᠶᠤᠤ ᠶᠦᠩ ᠪᠥᠸᠧ ᠤᠷᠢᠳ ᠬᠤᠵᠢᠳ ᠰᠢᠯᠢ ᠶᠢᠨ ᠬᠤᠲᠠ ᠶᠢᠨ ᠬᠤᠳᠠ ᠶᠢᠨ ᠦᠵᠡᠰᠬᠦᠯᠡᠩ ᠤᠨ ᠣᠷᠳᠣᠨ᠂ ᠰᠢᠯᠢ ᠶᠢᠨ ᠶᠡᠭᠡ ᠵᠡᠭᠡᠯᠢ᠂ ᠪᠢᠨ ᠾᠧ ᠵᠠᠮ᠂ ᠪᠦᠯᠬᠦᠮᠳᠡᠯ ᠶᠡᠭᠡ ᠵᠡᠭᠡᠯᠢ᠂ ᠢᠯᠠᠯᠲᠠ ᠵᠡᠭᠡᠯᠢ᠂ ᠰᠢᠯᠢ ᠶᠢᠨ ᠨᠠᠭᠤᠷ ᠢᠶᠠᠷ ᠬᠦᠷᠴᠦ᠂ ᠲᠤᠬᠠᠢ ᠶᠢᠨ ᠲᠠᠯᠠᠪᠠᠢ ᠶᠢ ᠦᠵᠡᠵᠦ᠂ ᠲᠠᠨᠢᠯᠴᠠᠭᠤᠯᠭ᠎ᠠ ᠶᠢ ᠰᠣᠨᠣᠰᠴᠤ᠂ ᠬᠤᠳᠠ ᠶᠢᠨ ᠲᠥᠯᠥᠪᠵᠢᠭᠦᠯᠭᠡ᠂ ᠪᠦᠳᠦᠭᠡᠨ ᠪᠠᠶᠢᠭᠤᠯᠤᠯᠲᠠ᠂ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ᠂ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠳᠤ ᠲᠤᠬᠠᠢ ᠶᠢᠨ ᠲᠠᠯᠠᠪᠠᠢ ᠶᠢᠨ ᠵᠢᠯᠤᠭᠤᠳᠤᠯᠭ᠎ᠠ ᠬᠢᠵᠡᠢ᠃ ᠲᠡᠷᠡ ᠵᠢᠭᠠᠵᠤ ᠭᠠᠷᠭᠠᠬᠤ ᠳᠠᠭᠠᠨ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠠᠷᠠᠳ ᠲᠦᠮᠡᠨ ᠢᠶᠠᠨ ᠳᠡᠭᠡᠳᠦᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂  ᠶᠡᠷᠦᠩᠬᠡᠢ ᠱᠦᠵᠢ ᠰᠢ ᠶᠢᠨ ᠫᠢᠩ ᠤᠨ ︽ᠠᠷᠠᠳ ᠤᠨ ᠬᠤᠳᠠ ᠪᠠᠨ ᠬᠠᠮᠲᠤᠪᠡᠷ ᠴᠤᠭᠴᠠᠯᠠᠵᠦ᠂ ᠠᠷᠠᠳ ᠤᠨ ᠬᠤᠳᠠ ᠨᠢ ᠠᠷᠠᠳ ᠲᠦᠮᠡᠨ  ᠳᠡᠭᠡᠨ ᠠᠰᠢᠭ ᠬᠦᠷᠲᠡᠭᠡᠬᠦ︾ ᠴᠢᠬᠤᠯᠠ ᠱᠠᠭᠠᠷᠳᠠᠯᠭ᠎ᠠ ᠶᠣᠰᠣᠭᠠᠷ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠨᠢ ᠬᠠᠩᠭᠠᠬᠤ ᠪᠠᠷ ᠲᠡᠮᠡᠴᠡᠬᠦ ᠬᠠᠷᠠᠯᠲᠠ ᠪᠠᠨ ᠪᠣᠯᠭᠠᠵᠤ᠂ ᠤᠯᠠᠨ ᠲᠦᠮᠡᠨ ᠤ ᠬᠠᠮᠤᠭ ᠤᠨ ᠠᠩᠬᠠᠷᠴᠤ ᠪᠠᠶᠢᠭ᠎ᠠ᠂ ᠬᠠᠮᠤᠭ ᠤᠨ ᠬᠦᠰᠡᠨ  ᠪᠠᠷᠠᠭᠠᠯᠠᠵᠦ ᠪᠠᠶᠢᠭ᠎ᠠ ᠲᠤᠯᠭᠠᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠤᠯᠠᠨ ᠤ  ᠬᠦᠷᠲᠡᠮᠵᠢᠲᠦ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠵᠠ ᠵᠢᠷᠭᠠᠯᠲᠦ ᠲᠦᠷᠦᠭᠳᠡᠯ ᠢ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃     ᠶᠤᠤ ᠶᠦᠩ ᠪᠥᠸᠧ᠂ ᠰᠢᠯᠢ ᠶᠢᠨ ᠬᠤᠲᠠ ᠨᠢ ᠠᠶᠢᠮᠠᠭ ᠤᠨ ᠲᠥᠪ  ᠪᠣᠯᠤᠭᠰᠠᠨ ᠤ ᠬᠤᠪᠢ ᠳᠤ᠂ ᠬᠤᠳᠠ ᠶᠢᠨ ᠪᠦᠳᠦᠬᠡᠨ ᠪᠠᠶᠢᠭᠤᠯᠤᠯᠲᠠ ᠶᠢ ᠰᠠᠶᠢᠲᠤᠷ ᠬᠢᠬᠦ ᠳᠤ ᠡᠮᠦᠨ᠎ᠡ ᠨᠢ ᠶᠠᠪᠤᠵᠤ᠂ ᠦᠯᠢᠬᠡᠷ ᠳᠠᠭᠤᠷᠢᠶᠠᠯ ᠪᠤᠯᠵᠤ᠂ ᠲᠥᠯᠥᠪᠵᠢᠭᠦᠯᠬᠦ᠂ ᠴᠤᠭᠴᠠᠯᠠᠬᠤ᠂ ᠡᠵᠡᠩᠨᠡᠬᠦ᠂ ᠬᠠᠮᠢᠶᠠᠷᠬᠤ ᠲᠦᠷᠪᠡ ᠶᠢ ᠨᠢᠭᠡ ᠴᠤᠭᠴᠠᠵᠢᠭᠤᠯᠬᠤ ᠶᠢ ᠪᠠᠷᠢᠮᠲᠠᠯᠠᠵᠤ᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠭᠤᠷᠪᠠᠨ ᠶᠡᠭᠡ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠳᠤᠲᠠᠭᠤᠳᠠᠯ ᠪᠠ ᠪᠠᠭᠤᠷᠠᠢ ᠵᠦᠢᠯ ᠢᠶᠠᠨ ᠴᠢᠨᠠᠭᠰᠢᠳᠠ ᠨᠥᠬᠦᠪᠥᠷᠢᠯᠡᠵᠦ᠂ ᠤᠷᠤᠰᠢᠨ ᠰᠠᠭᠤᠷᠢᠰᠢᠬᠤ ᠳᠤ ᠲᠣᠬᠢᠷᠠᠮᠵᠢᠲᠠᠢ ᠠᠵᠢᠯ ᠦᠢᠯᠡᠰ  ᠪᠦᠲᠦᠭᠡᠬᠦ ᠳᠤ ᠲᠣᠬᠢᠷᠠᠮᠵᠢᠲᠠᠢ ᠵᠤᠭᠠᠴᠠᠬᠤ ᠳᠤ ᠳᠠᠭᠠᠲᠠᠢ ᠣᠷᠣᠨ ᠪᠦᠰᠡ ᠶᠢᠨ ᠲᠥᠪ ᠢ ᠬᠦᠴᠦᠯᠡᠨ  ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠶᠤᠤ ᠶᠦᠩ ᠪᠥᠸᠧ᠂ ᠬᠤᠲᠠ ᠶᠢᠨ ᠪᠥᠲᠥᠭᠡᠨ ᠪᠠᠶᠢᠭᠤᠯᠤᠯᠲᠠ ᠳᠤ ᠪᠣᠳᠠᠲᠤ ᠦᠷ᠎ᠡ ᠪᠦᠲᠦᠮᠵᠢ ᠪᠠ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠴᠢᠬᠤᠯᠠᠴᠢᠯᠠᠵᠤ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠠᠯᠤᠰ ᠬᠡᠲᠦ ᠶᠢᠨ ᠬᠠᠷᠠᠴᠠ ᠪᠠᠷ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠦᠶ ᠵᠣᠬᠢᠰᠲᠠᠶ ᠪᠠᠶᠢᠷᠢᠰᠢᠭᠤᠯᠵᠤ᠂ ᠨᠠᠷᠢᠯᠢᠭ ᠬᠠᠮᠢᠶᠠᠷᠴᠤ᠂ ᠣᠯᠠᠨ ᠲᠦᠮᠡᠨ ᠤ ᠬᠦᠰᠡᠯ ᠡᠷᠡᠮᠡᠯᠵᠡᠯ ᠲᠠᠢ ᠨᠢᠭᠲᠠ ᠤᠶᠠᠯᠳᠤᠭᠤᠯᠤᠨ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠦᠯᠵᠦ᠂ ᠬᠤᠲᠠ ᠶᠢᠨ ᠪᠥᠲᠥᠭᠡᠨ ᠪᠠᠶᠢᠭᠤᠯᠤᠯᠲᠠ ᠶᠢ ᠣᠷᠣᠨ ᠨᠤᠲᠤᠭ ᠤᠨ ᠳᠠᠪᠠᠭᠤᠯᠢᠭ ᠲᠠᠢ ᠤᠶᠠᠯᠳᠤᠭᠤᠯᠵᠤ᠂ ︽ᠴᠡᠮᠴᠡᠭᠡᠷ ᠮᠥᠷᠲᠡᠭᠡᠨ ᠨᠠᠷᠢᠯᠢᠭ᠂ ᠠᠪᠰᠠᠷᠬᠠᠨ ᠮᠥᠷᠲᠡᠭᠡᠨ ᠤᠨᠴᠠᠯᠢᠭᠲᠠᠢ᠂  ᠴᠡᠮᠴᠡᠭᠡᠷ ᠮᠥᠷᠲᠡᠭᠡᠨ ᠭᠤᠶᠣ︾ ᠤᠨᠴᠠᠯᠢᠭᠳᠤ ᠬᠤᠲᠠ ᠶᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠬᠤ ᠬᠡᠷᠡᠭᠲᠡᠶ᠃ ᠤᠷᠠᠨ ᠡᠷᠳᠡᠮ ᠢᠶᠠᠷ ᠬᠤᠳᠠ ᠶᠢᠨ ᠬᠠᠮᠢᠶᠠᠷᠤᠯᠲᠠ ᠶᠢᠨ ᠠᠵᠢᠯ ᠢ ᠪᠣᠳᠠᠲᠠᠢ ᠠᠳᠬᠤᠨ ᠰᠠᠶᠢᠲᠤᠷ ᠠᠳᠬᠤᠵᠤ᠂ ᠬᠤᠳᠠ ᠶᠢᠨ ᠴᠢᠨᠠᠷ ᠳᠡᠰ ᠢ ᠳᠡᠭᠡᠭᠰᠢᠯᠡᠭᠦᠯᠬᠦ᠂ ᠦᠢᠯᠡᠴᠢᠯᠡᠭᠡᠨ ᠤ ᠴᠢᠳᠠᠪᠬᠢ ᠶᠢ ᠲᠡᠭᠦᠯᠳᠡᠷᠵᠢᠭᠦᠯᠬᠦ᠂ ᠪᠠᠲᠤᠯᠠᠨ ᠳᠠᠭᠠᠭᠠᠬᠤ ᠴᠢᠳᠠᠪᠤᠷᠢ ᠶᠢ ᠴᠢᠩᠭᠠᠳᠬᠠᠬᠤ ᠶᠢᠨ ᠲᠣᠭᠤᠷᠢᠨ ᠳᠤ ᠬᠤᠳᠠ ᠶᠢᠨ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠬᠤᠳᠠ ᠶᠢᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠬᠤᠳᠠ ᠶᠢᠨ ᠣᠷᠴᠢᠨ ᠲᠣᠭᠤᠷᠢᠨ ᠢ ᠨᠡᠩ ᠭᠤᠶᠤ ᠰᠠᠶᠢᠬᠠᠨ᠂ ᠴᠢᠳᠠᠪᠬᠢ ᠶᠢ ᠨᠡᠩ ᠲᠡᠭᠦᠯᠳᠡᠷᠵᠢᠭᠦᠯᠵᠦ᠂ ᠰᠠᠭᠤᠭᠠᠯᠢ ᠠᠷᠠᠳ ᠲᠤ ᠨᠡᠩ ᠲᠦᠬᠦᠮ ᠪᠣᠯᠭᠠᠬᠤ ᠶᠢ ᠠᠬᠢᠭᠤᠯᠬᠤ ᠬᠡᠷᠡᠭᠲᠡᠢ᠃ ︽ᠬᠤᠤᠰ ᠵᠠᠭᠤᠨ ᠡᠳᠤᠷ︾ ᠤᠨ ᠪᠣᠭᠤᠮᠲᠠ ᠰᠢᠪᠲᠤᠯᠬᠤ ᠠᠵᠢᠯᠯᠠᠭ᠎ᠠ ᠲᠠᠢ ᠤᠶᠠᠯᠳᠤᠭᠤᠯᠤᠨ᠂ ᠠᠶᠤᠯ ᠲᠦᠭᠰᠢᠭᠦᠷᠢ ᠶᠢᠨ ᠳᠠᠯᠳᠠ ᠰᠤᠭᠤᠭ ᠢ ᠵᠢᠭᠰᠠᠭᠠᠨ ᠪᠠᠶᠢᠴᠠᠭᠠᠬᠤ ᠶᠢ ᠦᠷᠭᠦᠯᠵᠢᠯᠡᠨ ᠴᠢᠩᠭᠠᠷᠠᠭᠤᠯᠵᠦ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃    
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号