ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠣᠯᠣᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠮᠠᠨ ᠤ ᠠᠶᠢᠮᠠᠭ ᠲᠤ ᠭᠦᠨᠵᠡᠭᠡᠶᠢᠷᠡᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠬᠢᠨᠠᠨ ᠦᠨᠡᠯᠡᠬᠦ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2022/1/6
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠣᠯᠣᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠸᠠᠩ ᠶᠤᠸᠠᠢ ᠬᠤ᠋ ᠶᠢᠨ ᠳᠠᠭᠠᠭᠤᠯᠣᠭᠰᠠᠨ ᠵᠢᠯᠣᠭᠤᠳᠬᠤ ᠳᠣᠭᠤᠶᠢᠯᠠᠩ ᠮᠠᠨ ᠤ ᠠᠶᠢᠮᠠᠭ ᠲᠤ ᠭᠦᠨᠵᠡᠭᠡᠶᠢᠷᠡᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠬᠢᠨᠠᠨ ᠦᠨᠡᠯᠡᠬᠦ ᠠᠵᠢᠯ ᠥᠷᠨᠢᠭᠦᠯᠵᠦ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠬᠢᠨᠠᠨ ᠦᠨᠡᠯᠡᠬᠦ ᠶᠠᠷᠢᠯᠴᠠᠬᠤ ᠬᠤᠷᠠᠯ ᠬᠤᠷᠠᠯᠳᠣᠭᠤᠯᠣᠭᠰᠠᠨ ᠪᠥᠭᠡᠳ ᠲᠤᠬᠠᠶ ᠶᠢᠨ  ᠲᠠᠯᠠᠪᠠᠢ  ᠳᠤ ᠰᠢᠯᠭᠠᠨ ᠦᠨᠡᠯᠡᠯᠳᠡ ᠬᠢᠪᠡ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠯᠦᠸᠧ ᠴᠢᠩ ᠶᠠᠷᠢᠯᠴᠠᠬᠤ ᠬᠤᠷᠠᠯ ᠢ ᠡᠷᠭᠢᠯᠡᠭᠰᠡᠨ ᠪᠥᠭᠡᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ ᠠᠶᠢᠮᠠᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ ᠵᠠᠬᠢᠷᠭ᠎ᠠ᠂ ᠤᠯᠤᠰ ᠲᠥᠷᠥ ᠶᠢᠨ ᠵᠥᠪᠯᠡᠯᠭᠡᠨ ᠵᠡᠷᠭᠡ ᠳᠥᠷᠪᠡᠨ ᠶᠡᠭᠡ ᠣᠳᠣᠷᠢᠳᠬᠤ ᠪᠠᠭ ᠤᠨ ᠰᠢᠯᠢ ᠶᠢᠨ ᠬᠤᠳᠠ  ᠳᠤ ᠪᠠᠨ ᠪᠠᠶᠢᠭ᠎ᠠ ᠤᠳᠤᠷᠢᠳᠤᠯᠭ᠎ᠠ ᠨᠠᠷ ᠶᠠᠷᠢᠯᠴᠠᠬᠤ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠯᠦᠸᠧ ᠴᠢᠩ᠂ ᠵᠤᠤ ᠳ᠋ᠧ ᠶᠦᠩ᠂ ᠪᠦᠦ ᠯᠢ ᠬᠤᠸᠠ᠂ ᠡᡁᠦ᠋ᠸᠧ ᠶᠢᠨ ᠪᠢᠩ  ᠦᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠠᠪᠤᠴᠠ ᠳᠠᠬᠢ ᠣᠶᠢᠯᠠᠭᠠᠯᠲᠠ ᠲᠦᠷᠦᠭᠳᠡᠯ᠂ ᠲᠤᠷᠰᠢᠯᠭ᠎ᠠ ᠬᠢᠳᠡᠯ᠂ ᠠᠮᠵᠢᠯᠳᠠ ᠪᠦᠲᠦᠮᠵᠢ ᠵᠡᠷᠭᠡ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠪᠠ᠃      ᠰᠠᠨᠠᠯ ᠢᠶᠠᠨ ᠰᠣᠯᠢᠯᠴᠠᠭᠰᠠᠨ ᠤ ᠲᠠᠷᠠᠭ᠎ᠠ᠂ ᠵᠢᠯᠣᠭᠤᠳᠬᠤ ᠳᠤᠭᠤᠶᠢᠯᠠᠩ ᠤᠨ ᠬᠢᠨ ᠱᠠᠭᠠᠷᠳᠠᠬᠤ ᠳᠠᠭᠠᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠭᠤᠰᠢᠯᠠᠭᠤᠯᠬᠤ ᠪᠠᠷ ᠭᠤᠣᠯᠳᠠᠯᠭ᠎ᠠ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠥᠷᠭᠡᠳᠬᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠵᠢᠱᠢᠭᠰᠡᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠳᠣᠰ ᠣᠳᠠᠭᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠨᠡᠯᠡᠯᠲᠡ ᠪᠠᠷ ᠠᠵᠠ ᠲᠣᠬᠢᠶᠠᠯ ᠪᠣᠯᠭᠠᠵᠤ᠂ ᠶᠠᠪᠤᠴᠠ  ᠶᠢᠨ ᠦᠨᠡᠯᠡᠯᠲᠡ ᠪᠠ ᠦᠷ᠎ᠡ ᠳ᠋ᠦᠩ ᠤᠨ ᠦᠨᠡᠯᠡᠯᠲᠡ ᠶᠢ ᠣᠶᠠᠯᠳᠣᠭᠤᠯᠣᠨ᠂ ᠦᠨᠡᠯᠡᠯᠲᠡ ᠶᠢ ᠲᠠᠨᠢᠯᠲᠠ ᠪᠠᠨ ᠭᠦᠨᠵᠡᠭᠡᠶᠢᠷᠡᠭᠦᠯᠬᠦ᠂ ᠦᠷ᠎ᠡ ᠪᠦᠲᠦᠮᠵᠢ ᠶᠢ ᠡᠮᠬᠢᠯᠡᠬᠦ᠂ ᠳᠤᠲᠠᠭᠤᠳᠠᠯ ᠢᠶᠠᠨ  ᠪᠠᠶᠢᠴᠠᠭᠠᠨ ᠨᠥᠬᠦᠪᠥᠷᠢᠯᠡᠬᠦ᠂  ᠠᠷᠭ᠎ᠠ ᠲᠤᠷᠰᠢᠯᠭ᠎ᠠ ᠪᠠᠨ ᠳ᠋ᠦᠩᠨᠡᠬᠦ ᠶᠠᠪᠤᠴᠠ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ᠂ ᠬᠦᠴᠢᠷ ᠢ ᠲᠤᠭᠤᠯᠤᠨ ᠪᠡᠷᠭᠡ ᠶᠢ ᠳᠠᠪᠠᠭ᠋ᠤ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠪᠡ᠃      ᠯᠦᠸᠧ ᠴᠢᠩ ᠢᠯᠡᠷᠬᠡᠶᠢᠯᠡᠬᠦ ᠳᠡᠭᠡᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ  ᠶᠢᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠢᠮᠠᠭᠲᠠ ︽ᠨᠠᠮ ᠤᠨ ᠤᠯᠤᠰ ᠲᠥᠷᠥ ᠶᠢᠨ ᠠᠮᠢᠳᠤᠷᠠᠯ ᠳᠠᠬᠢ ᠨᠢᠭᠡᠨ ᠲᠣᠮᠣ ᠶᠠᠪᠤᠳᠠᠯ︾ ᠪᠣᠯᠭᠠᠨ ᠪᠦᠬᠦ ᠵᠢᠯ ᠳᠤ ᠳᠣᠭᠤᠰᠢᠯᠠᠭᠤᠯᠵᠣ᠂  ᠠᠶᠢᠮᠠᠭ ᠤᠨ  ᠪᠦᠬᠦ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷᠴᠤᠳ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ ︽ᠬᠤᠶᠠᠷ ᠢ ᠲᠣᠭᠲᠠᠭᠠᠬᠤ︾ ᠶᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠡᠷᠡᠰ ᠵᠣᠷᠢᠭ ᠪᠠ ᠲᠣᠭᠲᠠᠯ ᠬᠦᠴᠦᠨ ᠢᠶᠠᠨ ᠨᠠᠩ ᠪᠠᠲᠤᠳᠬᠠᠵᠤ᠂ ᠲᠡᠤᠬᠡ ᠶᠢᠨ ᠢᠲᠡᠭᠡᠯ ᠢᠶᠠᠨ ᠪᠠᠲᠤᠳᠬᠠᠨ᠂ ᠬᠦᠰᠡᠯᠡᠩ ᠢᠲᠡᠭᠡᠯ ᠵᠣᠷᠢᠭ ᠢᠶᠠᠨ ᠨᠡᠮᠡᠭᠳᠡᠭᠦᠯᠦᠨ᠂ ᠠᠷᠠᠳ ᠲᠦᠮᠡᠨ ᠢ ᠳᠡᠭᠡᠳᠦᠯᠡᠬᠦ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠪᠠᠲᠤᠳᠬᠠᠨ᠂ ᠬᠠᠷᠢᠭᠤᠴᠠᠯᠭ᠎ᠠ ᠡᠭᠦᠷᠭᠡᠯᠡᠯ ᠢᠶᠠᠨ ᠦᠨᠡᠨᠬᠦ  ᠴᠢᠩᠭᠠᠷᠠᠭᠤᠯᠵᠣ᠂ ᠠᠵᠢᠯ ᠬᠢᠵᠦ ᠦᠢᠯᠡᠰ ᠴᠣᠭᠴᠠᠯᠠᠬᠤ ᠴᠤᠭ ᠰᠦᠯᠳᠡ ᠪᠠᠨ ᠳᠡᠭᠡᠭᠰᠢᠯᠡᠭᠦᠯᠪᠡ᠃ ᠬᠤᠶᠢᠰᠢᠳᠠ ᠶᠢᠨ ᠠᠵᠢᠯ ᠤᠨ ᠳᠤᠮᠳᠠ ᠪᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠪᠦᠬᠦᠳᠠ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠳᠣᠭᠤᠰᠢᠯᠠᠭᠤᠯᠣᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ  ᠪᠠᠨ ᠣᠯᠠᠮ ᠳᠡᠭᠡᠭᠰᠢᠯᠡᠭᠦᠯᠵᠦ᠂ ᠠᠷᠭ᠎ᠠ  ᠬᠡᠮᠵᠢᠶ᠎ᠡ ᠪᠠᠨ ᠣᠯᠠᠮ ᠴᠢᠩᠭᠠᠷᠠᠭᠤᠯᠣᠨ᠂ ᠬᠠᠷᠢᠭᠤᠴᠠᠯᠭ᠎ᠠ ᠪᠠᠨ ᠣᠯᠠᠮ ᠪᠣᠳᠠᠲᠠᠶᠢᠵᠢᠭᠤᠯᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ ᠥᠷᠭᠡᠳᠬᠡᠵᠦ᠂ ᠮᠠᠨ ᠤ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠶᠢ ᠨᠠᠩ ᠰᠠᠶᠢᠲᠤᠷ ᠠᠬᠢᠭᠤᠯᠣᠨ᠎ᠠ ᠭᠡᠪᠡ᠃      ᠵᠢᠯᠣᠭᠤᠳᠬᠤ ᠳᠤᠭᠤᠶᠢᠯᠠᠩ ᠤᠨ ᠬᠢᠨ ᠪᠠᠰᠠ ᠰᠢᠯᠢ ᠶᠢᠨ ᠬᠤᠳᠠ᠂ ᠠᠪᠠᠭ᠎ᠠ ᠬᠤᠰᠢᠭᠤ᠂ ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠢᠴᠢ ᠠᠶᠢᠮᠠᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ  ᠪᠠᠷ ᠭᠦᠨᠵᠡᠭᠡᠶᠢᠷᠡᠨ᠂ ᠶᠠᠷᠢᠯᠴᠠᠬᠤ ᠬᠤᠷᠠᠯ ᠬᠤᠷᠠᠯᠳᠤᠭᠤᠯᠬᠤ᠂ ᠲᠤᠬᠠᠶ ᠶᠢᠨ ᠲᠠᠯᠠᠪᠠᠢ ᠳᠤ ᠰᠢᠯᠭᠠᠨ ᠦᠨᠡᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠲᠠᠢ ᠨᠢᠭᠤᠷᠲᠠᠨ ᠶᠠᠷᠢᠯᠴᠠᠵᠤ᠂ ᠰᠠᠨᠠᠯ ᠰᠠᠨᠠᠭᠤᠯᠭ᠎ᠠ ᠶᠢ ᠨᠢ ᠰᠣᠨᠣᠰᠴᠤ᠂  ᠬᠢᠨᠠᠨ ᠦᠨᠡᠯᠡᠬᠦ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠪᠤᠰᠤᠳᠴᠢ ᠪᠠᠷ ᠣᠨᠣᠪᠴᠢᠲᠠᠶ ᠰᠠᠶᠢᠲᠤᠷ ᠬᠢᠪᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号