1 ᠳ᠋ᠣᠭᠡᠷ ᠰᠠᠷ᠎ᠠ ᠶᠢᠨ 4 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠶᠣᠣ ᠶᠦᠩ ᠪᠥᠸᠧ | ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠤᠯ ᠠᠶᠢᠮᠠᠭ ᠤᠨ ᠬᠤᠷᠢᠶᠠᠨ ᠤ 2022 ᠣᠨ ᠤ | ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ | ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠣᠭᠤᠰᠢᠯᠠᠭᠤᠯᠣᠨ | ᠨᠠᠶᠢᠳᠠᠪᠤᠷᠢᠵᠢᠭᠤᠯᠬᠤ ᠠᠵᠢᠯ ᠢᠶᠠᠨ ᠰᠤᠳᠤᠯᠪᠠ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ | ᠬᠠᠤᠯᠢᠵᠢᠯ ᠤᠨ ᠦᠵᠡᠯ ᠰᠠᠨᠠᠭᠠᠨ ᠤ ᠡᠯᠪᠡᠭ ᠪᠠᠶᠠᠯᠢᠭ ᠠᠭᠤᠯᠤᠭᠳᠠᠬᠤᠨ ᠪᠠ ᠵᠣᠷᠢᠭ ᠰᠠᠨᠠᠭᠠᠨ ᠤ ᠮᠥᠨ ᠴᠢᠨᠠᠷ ᠢ | ᠭᠦᠨᠵᠡᠭᠡᠶ ᠰᠤᠷᠤᠯᠴᠠᠨ ᠣᠶᠢᠯᠠᠭᠠᠵᠤ᠂ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠬᠠᠤᠯᠢᠵᠢᠯ ᠤᠨ | ᠡᠩᠨᠡᠭᠡᠨ ᠤ ᠪᠠᠶᠢᠭᠤᠯᠤᠯᠲᠠ ᠶᠢ ᠴᠢᠩᠭᠠᠷᠠᠭᠤᠯᠵᠣ᠂ ᠬᠠᠤᠯᠢᠵᠢᠯ ᠤᠨ ᠪᠠᠳᠣᠯᠠᠭᠠᠨ ᠤ ᠲᠦᠷᠢᠮ ᠢ ᠪᠦᠷᠢᠨᠰᠢᠭᠦᠯᠦᠨ᠂ | ᠬᠠᠤᠯᠢ ᠬᠡᠷᠡᠭᠵᠢᠭᠦᠯᠬᠦ ᠬᠠᠤᠯᠢ ᠪᠠᠷᠢᠬᠤ ᠶᠢᠨ ᠬᠢᠵᠠᠭᠠᠷᠯᠠᠯ ᠪᠠ ᠬᠢᠨᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ | ᠠᠵᠢᠯ ᠤᠨ ᠬᠠᠤᠯᠢᠵᠢᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠶᠡᠷᠦᠩᠬᠡᠶ ᠱᠦᠵᠢ | ᠰᠢ ᠶᠢᠨ ᠫᠢᠩ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠮᠠᠯᠴᠢᠨ ᠲᠠᠷᠢᠶᠠᠴᠢᠨ︾ ᠤ ᠠᠵᠢᠯ ᠢ ᠰᠠᠶᠢᠲᠤᠷ | ᠬᠢᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠥᠪ ᠤᠨ | ︽ᠬᠥᠳᠡᠭᠡ ᠠᠵᠤ ᠠᠬᠤᠶ ᠬᠥᠳᠡᠭᠡ ᠲᠣᠰᠬᠤᠨ ᠮᠠᠯᠴᠢᠨ ᠲᠠᠷᠢᠶᠠᠴᠢᠨ︾ ᠤ ᠠᠵᠢᠯ ᠤᠨ ᠲᠤᠬᠠᠶ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠲᠠᠷᠢᠶᠠᠨ ᠭᠠᠵᠠᠷ ᠢ ᠬᠠᠮᠠᠭᠠᠯᠠᠨ ᠠᠰᠢᠭᠯᠠᠬᠤ᠂ ᠮᠠᠯ | ᠠᠵᠤ ᠠᠬᠤᠶ ᠲᠠᠷᠢᠶᠠᠯᠠᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠶᠠᠳᠠᠭᠤ ᠠᠴᠠ | ᠠᠩᠬᠢᠵᠢᠷᠠᠭᠤᠯᠣᠨ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠵᠡᠷᠭᠡ | ᠭᠤᠤᠯᠳᠠᠯᠭ᠎ᠠ ᠲᠠᠢ ᠠᠵᠢᠯ ᠢᠶᠠᠨ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠪᠥᠬᠦ ᠠᠶᠢᠮᠠᠭ ᠤᠨ ︽ | ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠰᠢᠨ᠎ᠡ ᠦᠷ᠎ᠡ ᠪᠦᠲᠦᠮᠵᠢ | ᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ ᠭᠡᠪᠡ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠪᠦᠬᠦ ᠠᠶᠢᠮᠠᠭ ᠤᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳ᠋ᠦᠩᠨᠡᠯᠲᠡ | ᠦᠨᠡᠯᠡᠯᠲᠡ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠠᠶᠢᠩᠭᠤᠵᠢᠭᠰᠠᠨ ᠤᠷᠳᠤ ᠬᠤᠭᠤᠴᠠᠭᠠᠨ ᠤ ᠪᠦᠲᠦᠮᠵᠢᠲᠡᠢ | ᠲᠦᠷᠢᠮ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ | ᠥᠭᠬᠦ︾ ᠦᠢᠯᠡᠳᠦᠯᠭᠡ ᠶᠢᠨ ᠠᠵᠢᠯᠯᠠᠭ᠎ᠠ ᠪᠠᠨ ᠭᠦᠨᠵᠡᠭᠡᠢ ᠰᠠᠶᠢᠲᠤᠷ ᠥᠷᠨᠢᠭᠦᠯᠵᠦ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠨ ᠲᠠᠰᠤᠷᠠᠯᠳᠡ ᠦᠭᠡᠢ ᠪᠠᠬᠢᠵᠢᠭᠦᠯᠦᠨ ᠥᠷᠭᠡᠳᠬᠡᠬᠦ ᠬᠡᠷᠡᠭᠲᠡᠶ᠃ | ᠨᠠᠮ ᠤᠨ ᠳᠣᠲᠣᠭᠠᠳᠤ ᠶᠢᠨ ᠬᠠᠤᠯᠢ ᠲᠦᠷᠢᠮ ᠢ ᠰᠤᠷᠤᠯᠴᠠᠬᠤ ᠪᠠᠨ ᠢᠮᠠᠭᠲᠠ ᠴᠢᠬᠤᠯᠠ ᠤᠯᠤᠰ ᠲᠦᠷᠦ ᠶᠢᠨ | ᠡᠭᠦᠷᠭᠡ ᠪᠣᠯᠭᠠᠵᠤ᠂ ᠨᠠᠮ ᠤᠨ ᠳᠣᠲᠣᠭᠠᠳᠤ ᠶᠢᠨ ᠬᠠᠤᠯᠢ ᠲᠦᠷᠢᠮ ᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠨᠠᠮ ᠤᠨ | ᠳᠣᠲᠣᠭᠠᠳᠤ ᠶᠢᠨ ᠬᠠᠤᠯᠢ ᠲᠦᠷᠢᠮ ᠤᠨ ᠰᠤᠷᠤᠯᠴᠠᠯᠭ᠎ᠠ ᠬᠥᠮᠦᠵᠢᠯ᠂ ᠲᠦᠷᠢᠮ ᠤᠨ ᠪᠠᠶᠢᠭᠤᠯᠤᠯᠲᠠ᠂ ᠬᠢᠨᠠᠯᠲᠠ | ᠪᠠᠶᠢᠴᠠᠭᠠᠯᠲᠠ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠲᠦᠷᠢᠮ ᠲᠣᠭᠲᠠᠭᠠᠯ ᠢ | ᠵᠢᠷᠤᠮᠯᠠᠨ ᠲᠦᠷᠢᠮ ᠲᠣᠭᠲᠠᠭᠠᠯ ᠢ ᠬᠡᠷᠡᠭᠯᠡᠬᠦ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠳᠠ ᠦᠭᠡᠢ | ᠳᠡᠭᠡᠭᠰᠢᠯᠡᠭᠦᠯᠬᠦ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠵᠢᠴᠢ ᠪᠦᠬᠦ | ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠬᠤᠷᠠᠯ ᠠᠴᠠ ᠳᠤᠷᠠᠳᠤᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠠᠵᠢᠯ ᠤᠨ | ᠰᠡᠳᠬᠢᠴᠡ ᠪᠠᠨ ᠲᠡᠭᠦᠯᠳᠡᠷᠵᠢᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠨ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠠᠳᠬᠤᠵᠤ᠂ ᠠᠮᠢ ᠠᠬᠤᠢ ᠶᠢ | ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠬᠤ ᠬᠡᠷᠡᠭᠲᠡᠢ ᠭᠡᠪᠡ᠃ | ᠬᠤᠷᠠᠯ ᠳᠡᠭᠡᠷ᠎ᠡ ᠪᠦᠬᠦ ᠠᠶᠢᠮᠠᠭ ᠤᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ | ᠲᠦᠷᠢᠮ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠭᠰᠠᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠣᠭᠰᠠᠨ ᠤ ᠳᠠᠷᠠᠭ᠎ᠠ ᠴᠢᠬᠤᠯᠠᠴᠢᠯᠠᠬᠤ ᠳᠠᠭᠠᠨ᠂ ᠤᠯᠤᠰ ᠲᠥᠷᠥ ᠶᠢᠨ ᠵᠣᠭᠰᠣᠴᠠ ᠪᠠᠨ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠲᠥᠷᠥ ᠶᠢᠨ ᠲᠣᠭᠲᠠᠯ ᠬᠦᠴᠦᠨ ᠢᠶᠠᠨ ᠴᠢᠩᠭᠠᠳᠬᠠᠵᠤ᠂ ᠤᠯᠤᠰ | ᠲᠥᠷᠥ ᠶᠢᠨ ᠡᠭᠦᠷᠭᠡᠯᠡᠯ ᠢᠶᠠᠨ ᠴᠢᠩᠭᠠᠷᠠᠭᠤᠯᠣᠨ᠂ ᠰᠤᠯᠠᠷᠠᠵᠤ ᠬᠤᠶᠢᠷᠭᠤᠰᠢᠬᠤ ᠪᠠ ᠠᠯᠮᠠᠶᠢᠷᠠᠨ ᠴᠠᠯᠠᠭᠠᠶᠢᠷᠠᠬᠤ | ᠦᠵᠡᠯ ᠰᠠᠨᠠᠭ᠎ᠠ ᠶᠢ ᠡᠷᠡᠰ ᠲᠡᠪᠴᠢᠵᠦ᠂ ᠬᠠᠤᠯᠢ ᠲᠦᠷᠢᠮ ᠶᠣᠰᠣᠭᠠᠷ᠂ ᠦᠨᠡᠨ ᠠᠴᠠ ᠵᠥᠪ ᠢ ᠡᠷᠢᠬᠦ ᠵᠠᠷᠴᠢᠮ ᠢ | ᠪᠠᠷᠢᠮᠲᠠᠯᠠᠨ᠂ ᠥᠩᠭᠡᠷᠡᠭᠰᠡᠨ ᠲᠠᠢ ᠪᠠᠨ ᠠᠳᠠᠯᠢ ᠪᠠᠷ ︽ᠴᠢᠩᠭ᠎ᠠ ᠪᠠᠶᠢᠬᠤ︾ ᠭᠤᠤᠯ ᠬᠥᠭ ᠠᠶᠠᠰ᠂ ︽ᠵᠠᠰᠠᠯᠲᠠ︾ | ᠶᠢᠨ ᠰᠠᠶᠢᠨ ᠪᠠᠶᠢᠳᠠᠯ ᠢ ᠪᠠᠬᠢᠵᠢᠭᠦᠯᠵᠦ᠂ ᠲᠤᠰᠬᠠᠶ ᠴᠡᠭᠴᠡᠯᠡᠨ ᠵᠠᠰᠠᠯᠲᠠ ᠶᠢᠨ ᠨᠠᠩ ᠶᠡᠭᠡ ᠰᠢᠨ᠎ᠡ ᠦᠷ᠎ᠡ ᠪᠦᠲᠦᠮᠵᠢ | ᠤᠯᠬᠤ ᠶᠢ ᠠᠬᠢᠭᠤᠯᠬᠤ ᠬᠡᠷᠡᠭᠲᠡᠶ ᠭᠡᠪᠡ᠃ | ᠬᠤᠷᠠᠯ ᠳᠡᠭᠡᠷ᠎ᠡ ᠪᠠᠰᠠ ᠪᠤᠰᠤᠳ ᠵᠦᠢᠯ ᠢ ᠰᠣᠳᠣᠯᠪᠠ᠃ | |