ᠲᠠᠷᠢᠶᠠᠯᠠᠩ ᠳᠤ ᠬᠡᠷᠡᠭᠯᠡᠬᠦ ᠡᠳ᠋ ᠪᠠᠷᠠᠭᠠᠨ ᠤ ᠨᠥᠬᠦᠪᠥᠷᠢ ᠶᠢ ᠳᠠᠬᠢᠨᠲᠠ ᠣᠯᠭᠤᠪᠠ
ᠨᠡᠶᠢᠲᠡᠯᠡᠭᠰᠡᠨ ᠴᠠᠭ᠄
2022/10/12
     ᠡᠳ᠋ ᠤᠨ ᠵᠠᠰᠠᠭ ᠤᠨ ᠶᠠᠮᠤᠨ ᠠᠴᠠ ᠣᠶᠢᠯᠠᠭᠠᠭᠰᠠᠨ ᠨᠢ᠂ ᠲᠥᠪ ᠤᠨ ᠡᠳ᠋ ᠤᠨ ᠵᠠᠰᠠᠭ ᠠᠴᠠ ᠣᠶᠢᠷ᠎ᠠ ᠳᠤ 100 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠪᠠᠭᠤᠯᠭᠠᠵᠤ᠂ ᠠᠮᠤ ᠪᠤᠳᠠᠭ᠎ᠠ ᠪᠣᠳᠠᠲᠠᠶ ᠳᠠᠷᠢᠭᠰᠠᠨ ᠲᠠᠷᠢᠶᠠᠴᠢᠳ ᠲᠤ  ᠨᠢᠭᠡ  ᠯᠡ  ᠤᠳᠠᠭᠠᠨ ᠤ ᠴᠢᠨᠠᠷᠲᠠᠶ ᠲᠠᠷᠢᠶᠠᠯᠠᠩ ᠳᠤ ᠬᠡᠷᠡᠭᠯᠡᠬᠦ ᠡᠳ᠋ ᠪᠠᠷᠠᠭᠠᠨ ᠤ ᠨᠥᠬᠦᠪᠥᠷᠢ ᠶᠢ ᠳᠠᠬᠢᠨᠲᠠ ᠣᠯᠭᠤᠵᠤ᠂ ᠨᠠᠮᠤᠷ ᠤᠨ ᠬᠤᠷᠢᠶᠠᠯᠲᠠ ᠨᠠᠮᠤᠷ ᠤᠨ ᠲᠠᠷᠢᠶᠠᠯᠠᠭ᠎ᠠ ᠶᠢ ᠨᠢᠭᠡᠳᠦᠯᠲᠡᠶ ᠲᠥᠯᠥᠪᠯᠡᠨ  ᠳᠡᠮᠵᠢᠵᠦ᠂ ᠲᠠᠷᠢᠶᠠᠯᠠᠩ ᠳᠤ  ᠬᠡᠷᠡᠭᠯᠡᠬᠦ  ᠡᠳ᠋  ᠪᠠᠷᠠᠭᠠᠨ ᠤ  ᠦᠨ᠎ᠡ  ᠬᠠᠩᠰᠢ ᠥᠰᠦᠭᠰᠡᠨ ᠠᠴᠠ ᠪᠣᠯᠤᠭᠰᠠᠨ ᠠᠮᠤ ᠪᠤᠳᠠᠭ᠎ᠠ ᠳᠠᠷᠢᠬᠤ ᠵᠠᠷᠤᠯᠭ᠎ᠠ ᠨᠡᠮᠡᠭᠳᠡᠬᠦ ᠨᠥᠯᠥᠭᠡ ᠶᠢ ᠨᠠᠮᠳᠠᠭᠤᠯᠵᠤ᠂ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠤᠯᠠᠮ ᠲᠠᠶᠢᠴᠢᠯᠠᠬᠤ ᠪᠠᠶᠢᠨ᠎ᠠ᠃ ᠢᠩᠭᠢᠭᠡᠳ 2022 ᠣᠨ ᠳᠤ ᠲᠥᠪ ᠤᠨ ᠡᠳ᠋ ‍ᠤᠨ‌ᠵᠠᠰᠠᠭ ᠠᠴᠠ ᠭᠤᠷᠪᠠᠨ ᠪᠦᠯᠦᠭ ᠬᠤᠪᠢᠶᠠᠨ ᠨᠡᠶᠢᠳᠡ 400 ᠳ᠋ᠦᠩᠰᠢᠭᠤᠷ ᠲᠥᠭᠦᠷᠢᠭ ᠤᠨ ᠨᠥᠬᠦᠪᠥᠷᠢ  ᠮᠥᠩᠭᠦ ᠪᠠᠭᠤᠯᠭᠠᠪᠠ᠃              ᠡᠳ᠋ ᠤᠨ ᠵᠠᠰᠠᠭ ᠤᠨ ᠶᠠᠮᠤᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠨᠥᠬᠦᠪᠥᠷᠢ ᠤᠯᠬᠤ ᠡᠲᠡᠭᠡᠳ ᠪᠣᠯ ᠮᠥᠨ ᠬᠦ ᠲᠠᠷᠢᠶᠠᠯᠠᠩ ᠳᠤ ᠬᠡᠷᠡᠭᠯᠡᠬᠦ ᠡᠳ᠋ ᠪᠠᠷᠠᠭᠠᠨ ᠤ ᠦᠨ᠎ᠡ ᠬᠠᠩᠰᠢ  ᠥᠰᠦᠭᠰᠡᠨ ᠥᠪᠡᠷ ᠤᠨ ᠥᠷᠲᠡᠭ ᠢ ᠪᠣᠳᠠᠲᠠᠶ ᠡᠭᠦᠷᠭᠡᠯᠡᠳᠡᠭ ᠪᠣᠳᠠᠲᠠᠶ ᠠᠮᠤ  ᠪᠤᠳᠠᠭ᠎ᠠ ᠳᠠᠷᠢᠭᠴᠢ ᠪᠣᠯᠤᠨ᠎ᠠ᠃ ᠡᠯ᠎ᠡ ᠭᠠᠵᠠᠷ ᠣᠷᠣᠨ ᠨᠤᠭᠤᠳ  ᠬᠤᠯᠪᠣᠭᠳᠠᠯ ᠪᠦᠬᠦᠢ ᠪᠠᠶᠢᠳᠠᠯ ᠲᠠᠢ ᠤᠶᠠᠯᠳᠤᠭᠤᠯᠤᠨ ᠨᠥᠬᠦᠪᠥᠷᠢ  ᠶᠢᠨ ᠪᠠᠷᠢᠮᠵᠢᠶ᠎ᠠ  ᠶᠢ ᠶᠡᠷᠦᠩᠬᠡᠶᠢᠯᠡᠨ ᠲᠣᠭᠲᠠᠭᠠᠵᠤ᠂  ᠣᠳᠣᠬᠢᠴᠢᠯᠠᠭᠰᠠᠨ  ᠮᠡᠳᠡᠭᠡ  ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠦᠷᠭᠦᠯᠵᠢᠯᠡᠨ ︽ᠨᠡᠶᠢᠳᠡᠮ ᠬᠡᠷᠡᠭᠯᠡᠭᠳᠡᠬᠦ  ᠺᠠᠷᠲ︾ ᠢᠶᠠᠷ  ᠳᠠᠮᠵᠢᠭᠤᠯᠤᠨ᠂ ᠨᠥᠬᠦᠪᠥᠷᠢ ᠶᠢᠨ ᠪᠡᠯᠡ ᠮᠥᠩᠭᠦ ᠶᠢ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠨᠢ  ᠪᠣᠳᠠᠲᠠᠶᠢᠵᠢᠭᠤᠯᠤᠨ  ᠣᠯᠭᠤᠬᠤ  ᠬᠡᠷᠡᠭᠲᠡᠶ ᠭᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号