ᠤᠯᠤᠰ ᠤᠨ ᠡᠮ ᠤᠨ ᠵᠣᠶᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠵᠠᠰᠠᠯ ᠴᠢᠮᠡᠭᠯᠡᠯ ᠤᠨ | ᠴᠢᠨᠠᠷᠲᠠᠶ ᠴᠡᠴᠡᠭᠡᠶ ᠶᠢᠨ ᠥᠩᠭᠡᠲᠦ ᠰᠢᠯ ᠤᠨ ᠣᠶᠢᠯᠡᠳᠪᠣᠷᠢᠯᠡᠯ ᠡᠵᠡᠩᠨᠡᠯᠲᠡ ᠶᠢᠨ ᠠᠵᠢᠯᠯᠠᠭ᠎ᠠ ᠶᠢ | ᠵᠢᠷᠤᠮᠵᠢᠭᠤᠯᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠲᠤᠬᠠᠶ ᠮᠡᠳᠡᠭᠳᠡᠯ︾ ︵ᠳᠣᠷᠣᠭᠰᠢ ︽ | ᠮᠡᠳᠡᠭᠳᠡᠯ︾ ᠭᠡᠵᠦ ᠲᠣᠪᠴᠢᠯᠠᠨ᠎ᠠ︶ ᠨᠡᠶᠢᠲᠡᠯᠡᠵᠦ᠂ 2022 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠨ᠂ | ᠪᠥᠬᠦ ᠤᠯᠤᠰ ᠤᠨ ᠬᠡᠪᠴᠢᠶᠡᠨ ᠳᠤ ᠵᠠᠰᠠᠯ ᠴᠢᠮᠡᠭᠯᠡᠯ ᠤᠨ ᠴᠢᠨᠠᠷᠲᠠᠶ ᠴᠡᠴᠡᠭᠡᠶ ᠶᠢᠨ ᠦᠩᠭᠡᠳᠤ ᠰᠢᠯ ᠤᠨ | ᠣᠶᠢᠯᠡᠳᠪᠣᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ | 3 ᠰᠠᠷ᠎ᠠ ᠶᠢᠨ ᠬᠤᠭᠤᠴᠠᠭ᠎ᠠ ᠲᠠᠢ ᠵᠣᠬᠢᠶᠠᠨ ᠪᠠᠶᠢᠭᠤᠯᠵᠤ ᠥᠷᠨᠢᠭᠦᠯᠬᠦ ᠪᠠᠷ ᠲᠣᠭᠲᠠᠪᠠ᠃ | ︽ᠮᠡᠳᠡᠭᠳᠡᠯ︾ ᠢ ᠦᠨᠳᠦᠰᠦᠯᠡᠪᠡᠯ᠂ ᠲᠣᠰ ᠤᠳᠠᠭᠠᠨ ᠤ ᠲᠤᠰᠬᠠᠶ ᠠᠵᠢᠯᠯᠠᠭᠠᠨ ᠤ ᠠᠵᠢᠯ ᠤᠨ ᠬᠠᠷᠠᠯᠲᠠ | ᠪᠣᠯ ᠳᠠᠩᠰᠠᠯᠠᠭᠤᠯᠤᠭᠰᠠᠨ ᠥᠬᠡᠶ ᠵᠠᠰᠠᠯ ᠴᠢᠮᠡᠭᠯᠡᠯ ᠤᠨ ᠴᠢᠨᠠᠷᠲᠠᠶ ᠴᠡᠴᠡᠭᠡᠶ ᠶᠢᠨ ᠥᠩᠭᠡᠲᠦ ᠰᠢᠯ ︵ᠳᠠᠯᠳᠠ ᠨᠢᠳᠤᠨ | ᠰᠢᠯ︶᠂ ᠬᠠᠤᠯᠢ ᠲᠣᠭᠲᠠᠭᠠᠯ ᠢ ᠵᠦᠷᠢᠴᠡᠭᠰᠡᠨ ᠰᠦᠯᠵᠢᠶᠡᠨ ᠪᠣᠷᠣᠯᠠᠭᠤᠯᠭ᠎ᠠ᠂ ᠡᠮᠴᠢᠯᠡᠭᠡᠨ ᠤ ᠪᠠᠭᠠᠵᠢ ᠬᠡᠷᠡᠭᠰᠡᠯ | ᠣᠶᠢᠯᠡᠳᠪᠣᠷᠢᠯᠡᠬᠦ ᠡᠵᠡᠩᠨᠡᠯᠲᠡ ᠶᠢᠨ ᠬᠢᠷᠢ ᠬᠡᠮ ᠥᠬᠡᠶ᠂ ᠬᠡᠪᠴᠢᠶ᠎ᠡ ᠠᠴᠠ ᠬᠡᠲᠦᠷᠡᠭᠦᠯᠦᠨ ᠡᠵᠡᠩᠨᠡᠬᠦ ᠵᠡᠷᠭᠡ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠᠷ ᠭᠤᠤᠯᠳᠠᠯᠭ᠎ᠠ ᠪᠣᠯᠭᠠᠵᠤ᠂ ᠬᠤᠯᠪᠣᠭᠳᠠᠯ ᠪᠥᠬᠦᠶ ᠬᠡᠷᠡᠭ ᠢ ᠴᠢᠩᠭ᠎ᠠ | ᠪᠠᠶᠢᠴᠠᠭᠠᠨ ᠰᠢᠢᠳᠪᠣᠷᠢᠯᠡᠵᠤ᠂ ᠬᠠᠤᠯᠢ ᠶᠢ ᠵᠥᠷᠢᠴᠡᠭᠰᠡᠨ ᠡᠲᠡᠭᠡᠳ ᠢ ᠵᠠᠯᠬᠠᠭᠠᠨ ᠰᠢᠳᠬᠡᠵᠦ᠂ ᠨᠡᠶᠢᠲᠡᠯᠢᠭ | ᠬᠡᠷᠡᠭ ᠤᠨ ᠵᠢᠱᠢᠶ᠎ᠡ ᠶᠢ ᠢᠯᠡᠴᠢᠯᠡᠵᠦ᠂ ᠶᠠᠰᠤ ᠴᠢᠨᠠᠷ ᠤᠨ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠂ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠢᠷᠤᠮᠵᠢᠭᠰᠠᠨ ᠪᠥᠭᠡᠳ ᠡᠮᠬᠢ ᠵᠢᠷᠤᠮ ᠲᠠᠢ ᠵᠠᠬ᠎ᠠ | ᠳᠡᠯᠭᠡᠭᠦᠷ ᠤᠨ ᠡᠮᠬᠢ ᠵᠢᠷᠤᠮ ᠢ ᠪᠣᠶ ᠪᠣᠯᠭᠠᠨ᠎ᠠ᠃ |