ᠡᠶᠢᠮᠦᠷᠬᠦ ᠠᠵᠢᠯᠯᠠᠭ᠎ᠠ ᠶᠢ ᠴᠡᠭᠴᠡᠯᠡᠨ ᠵᠠᠰᠠᠨ᠎ᠠ
ᠨᠡᠶᠢᠲᠡᠯᠡᠭᠰᠡᠨ ᠴᠠᠭ᠄
2022/10/17
     ᠤᠯᠤᠰ ᠤᠨ ᠡᠮ ᠤᠨ ᠵᠣᠶᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠵᠠᠰᠠᠯ ᠴᠢᠮᠡᠭᠯᠡᠯ ᠤᠨ ᠴᠢᠨᠠᠷᠲᠠᠶ ᠴᠡᠴᠡᠭᠡᠶ  ᠶᠢᠨ ᠥᠩᠭᠡᠲᠦ ᠰᠢᠯ  ᠤᠨ ᠣᠶᠢᠯᠡᠳᠪᠣᠷᠢᠯᠡᠯ ᠡᠵᠡᠩᠨᠡᠯᠲᠡ  ᠶᠢᠨ ᠠᠵᠢᠯᠯᠠᠭ᠎ᠠ  ᠶᠢ  ᠵᠢᠷᠤᠮᠵᠢᠭᠤᠯᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ  ᠲᠣᠪᠴᠢᠯᠠᠨ᠎ᠠ︶ ᠨᠡᠶᠢᠲᠡᠯᠡᠵᠦ᠂ 2022 ᠣᠨ ᠤ 9 ᠰᠠᠷ᠎ᠠ ᠶᠢᠨ 1 ᠤ ᠡᠳᠦᠷ ᠠᠴᠠ  ᠡᠬᠢᠯᠡᠨ᠂  ᠪᠥᠬᠦ  ᠤᠯᠤᠰ ᠤᠨ  ᠬᠡᠪᠴᠢᠶᠡᠨ ᠳᠤ  ᠵᠠᠰᠠᠯ ᠴᠢᠮᠡᠭᠯᠡᠯ ᠤᠨ ᠴᠢᠨᠠᠷᠲᠠᠶ ᠴᠡᠴᠡᠭᠡᠶ ᠶᠢᠨ ᠦᠩᠭᠡᠳᠤ ᠰᠢᠯ ᠤᠨ ᠣᠶᠢᠯᠡᠳᠪᠣᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ 3 ᠰᠠᠷ᠎ᠠ ᠶᠢᠨ ᠬᠤᠭᠤᠴᠠᠭ᠎ᠠ ᠲᠠᠢ ᠵᠣᠬᠢᠶᠠᠨ ᠪᠠᠶᠢᠭᠤᠯᠵᠤ ᠥᠷᠨᠢᠭᠦᠯᠬᠦ ᠪᠠᠷ ᠲᠣᠭᠲᠠᠪᠠ᠃         ︽ᠮᠡᠳᠡᠭᠳᠡᠯ︾ ᠢ ᠦᠨᠳᠦᠰᠦᠯᠡᠪᠡᠯ᠂ ᠲᠣᠰ ᠤᠳᠠᠭᠠᠨ ᠤ ᠲᠤᠰᠬᠠᠶ ᠠᠵᠢᠯᠯᠠᠭᠠᠨ ᠤ ᠠᠵᠢᠯ ᠤᠨ ᠬᠠᠷᠠᠯᠲᠠ  ᠪᠣᠯ ᠳᠠᠩᠰᠠᠯᠠᠭᠤᠯᠤᠭᠰᠠᠨ ᠥᠬᠡᠶ ᠵᠠᠰᠠᠯ ᠴᠢᠮᠡᠭᠯᠡᠯ ᠤᠨ ᠴᠢᠨᠠᠷᠲᠠᠶ ᠴᠡᠴᠡᠭᠡᠶ ᠶᠢᠨ ᠥᠩᠭᠡᠲᠦ ᠰᠢᠯ ︵ᠳᠠᠯᠳᠠ ᠨᠢᠳᠤᠨ ᠰᠢᠯ︶᠂ ᠬᠠᠤᠯᠢ ᠲᠣᠭᠲᠠᠭᠠᠯ ᠢ ᠵᠦᠷᠢᠴᠡᠭᠰᠡᠨ ᠰᠦᠯᠵᠢᠶᠡᠨ  ᠪᠣᠷᠣᠯᠠᠭᠤᠯᠭ᠎ᠠ᠂ ᠡᠮᠴᠢᠯᠡᠭᠡᠨ ᠤ  ᠪᠠᠭᠠᠵᠢ ᠬᠡᠷᠡᠭᠰᠡᠯ ᠣᠶᠢᠯᠡᠳᠪᠣᠷᠢᠯᠡᠬᠦ ᠡᠵᠡᠩᠨᠡᠯᠲᠡ ᠶᠢᠨ ᠬᠢᠷᠢ ᠬᠡᠮ ᠥᠬᠡᠶ᠂ ᠬᠡᠪᠴᠢᠶ᠎ᠡ ᠠᠴᠠ ᠬᠡᠲᠦᠷᠡᠭᠦᠯᠦᠨ ᠡᠵᠡᠩᠨᠡᠬᠦ  ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠪᠠᠷ ᠭᠤᠤᠯᠳᠠᠯᠭ᠎ᠠ ᠪᠣᠯᠭᠠᠵᠤ᠂ ᠬᠤᠯᠪᠣᠭᠳᠠᠯ ᠪᠥᠬᠦᠶ ᠬᠡᠷᠡᠭ ᠢ ᠴᠢᠩᠭ᠎ᠠ ᠪᠠᠶᠢᠴᠠᠭᠠᠨ ᠰᠢᠢᠳᠪᠣᠷᠢᠯᠡᠵᠤ᠂ ᠬᠠᠤᠯᠢ ᠶᠢ ᠵᠥᠷᠢᠴᠡᠭᠰᠡᠨ ᠡᠲᠡᠭᠡᠳ ᠢ ᠵᠠᠯᠬᠠᠭᠠᠨ ᠰᠢᠳᠬᠡᠵᠦ᠂  ᠨᠡᠶᠢᠲᠡᠯᠢᠭ  ᠬᠡᠷᠡᠭ ᠤᠨ  ᠵᠢᠱᠢᠶ᠎ᠡ ᠶᠢ  ᠢᠯᠡᠴᠢᠯᠡᠵᠦ᠂  ᠶᠠᠰᠤ ᠴᠢᠨᠠᠷ ᠤᠨ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠂ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂  ᠵᠢᠷᠤᠮᠵᠢᠭᠰᠠᠨ ᠪᠥᠭᠡᠳ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠡᠮᠬᠢ ᠵᠢᠷᠤᠮ ᠢ ᠪᠣᠶ ᠪᠣᠯᠭᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号