ᠤᠯᠤᠰ ᠤᠨ ᠰᠢᠤᠳᠠᠨ ᠲᠣᠪᠴᠢᠶ᠎ᠠ 2022 ᠣᠨ ᠤ ᠳᠥᠷᠪᠡᠳᠦᠭᠡᠷ ᠤᠯᠠᠷᠢᠯ ᠤᠨ ᠵᠤᠷᠰᠢᠯᠳᠤ ᠰᠣᠨᠢᠨ | ᠮᠡᠳᠡᠭᠡ ᠨᠡᠶᠢᠲᠡᠯᠡᠬᠦ ᠬᠤᠷᠠᠯ ᠬᠢᠵᠦ᠂ ᠰᠢᠤᠳᠠᠨ ᠤ ᠲᠦᠷᠭᠡᠨ ᠬᠦᠷᠭᠡᠯᠲᠡ ᠶᠢᠨ ᠠᠵᠦ ᠦᠢᠯᠡᠰ ᠤᠨ ᠪᠣᠬᠢᠷᠳᠣᠯ ᠥᠬᠡᠶ | ᠬᠥᠭᠵᠢᠯᠲᠡ ᠶᠢᠨ ︽9917︾ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠲᠠᠨᠢᠯᠴᠠᠭᠤᠯᠪᠠ᠃ | 9 ᠰᠠᠷ᠎ᠠ ᠶᠢᠨ ᠡᠴᠦᠰ ᠪᠣᠯᠲᠠᠯ᠎ᠠ᠂ ᠪᠥᠬᠦ ᠠᠵᠢᠯ ᠲᠥᠷᠥᠯ ᠢᠶᠠᠷ ᠢᠶᠠᠨ ᠪᠠᠷᠢᠮᠵᠢᠶ᠎ᠠ ᠳᠤ ᠨᠡᠶᠢᠴᠡᠭᠰᠡᠨ ᠪᠣᠭᠤᠳᠠᠯ | ᠪᠠᠭᠯᠠᠭ᠎ᠠ ᠶᠢᠨ ᠮᠠᠲ᠋ᠧᠷᠢᠶᠠᠯ ᠪᠠ ᠵᠢᠷᠤᠮᠵᠢᠭᠰᠠᠨ ᠪᠣᠭᠤᠳᠠᠯ ᠪᠠᠭᠯᠠᠭ᠎ᠠ ᠶᠢ ᠬᠤᠳᠠᠯᠳᠤᠨ ᠠᠪᠴᠤ ᠬᠡᠷᠡᠭᠯᠡᠭᠰᠡᠨ | ᠬᠤᠶᠠᠷ ᠬᠠᠷᠢᠴᠠᠯ ᠨᠢ ᠴᠥᠮ 90 % ᠳᠤ ᠬᠦᠷᠴᠦ᠂ ᠤᠷᠴᠢᠯᠳᠤᠭᠤᠯᠵᠦ ᠪᠣᠯᠬᠤ ᠲᠦᠷᠭᠡᠨ | ᠬᠦᠷᠭᠡᠯᠲᠡ ᠶᠢᠨ ᠬᠠᠶᠢᠷᠴᠠᠭ ᠢ ᠨᠡᠶᠢᠲᠡ 978 ᠲᠦᠮᠡ ᠲᠠᠯᠪᠢᠵᠤ᠂ ᠰᠢᠤᠳᠠᠨ ᠤ ᠲᠦᠷᠭᠡᠨ ᠬᠦᠷᠭᠡᠯᠲᠡ ᠶᠢᠨ | ᠡᠵᠡᠩᠨᠡᠯᠲᠡ ᠶᠢᠨ ᠲᠣᠣᠷ ᠴᠡᠭ ᠲᠤ 12.2 ᠲᠦᠮᠡᠨ ᠬᠤᠷᠢᠶᠠᠨ ᠠᠪᠬᠤ ᠲᠣᠨᠣᠭᠯᠠᠯ ᠤᠭᠰᠠᠷᠠᠵᠤ᠂ 6.4 | ᠳ᠋ᠦᠩᠰᠢᠭᠤᠷ ᠸᠠᠯᠠᠩ ᠴᠠᠭᠠᠰᠤᠨ ᠬᠠᠶᠢᠷᠴᠠᠭ ᠢ ᠬᠤᠷᠢᠶᠠᠨ ᠠᠪᠴᠤ ᠳᠠᠬᠢᠨ ᠬᠡᠷᠡᠭᠯᠡᠭᠡᠳ᠂ ᠲᠦᠷᠭᠡᠨ | ᠬᠦᠷᠭᠡᠯᠲᠡ ᠶᠢᠨ ᠪᠣᠭᠤᠳᠠᠯ ᠪᠠᠭᠯᠠᠭ᠎ᠠ ᠶᠢ ᠪᠣᠬᠢᠷᠳᠣᠯ ᠥᠬᠡᠶ ᠵᠠᠰᠠᠬᠤ ᠠᠵᠢᠯ ᠠᠩᠬ᠎ᠠ ᠠᠯᠬᠤᠮ ᠤᠨ ᠦᠷ᠎ᠡ | ᠪᠦᠲᠦᠮᠵᠢ ᠤᠯᠪᠠ᠃ | ᠲᠠᠷᠠᠭᠠᠴᠢ ᠶᠢᠨ ᠠᠯᠬᠤᠮ ᠳᠤ ᠤᠯᠤᠰ ᠤᠨ ᠰᠢᠤᠳᠠᠨ ᠲᠣᠪᠴᠢᠶ᠎ᠠ ᠰᠢᠰᠲ᠋ᠧᠮᠴᠢᠯᠡᠨ ᠵᠠᠰᠠᠬᠤ᠂ | ᠶᠡᠷᠤᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠬᠡᠮᠵᠢᠶ᠎ᠡ ᠶᠢ ᠪᠠᠭᠠᠰᠬᠠᠬᠤ᠂ | ᠪᠠᠷᠢᠮᠵᠢᠶᠠᠵᠢᠭᠤᠯᠬᠤ᠂ ᠤᠷᠴᠢᠯᠳᠤᠭᠤᠯᠬᠤ ᠪᠠ ︽ᠬᠤᠷᠢᠬᠯᠠᠬᠤ᠂ ᠬᠢᠵᠠᠭᠠᠷᠯᠠᠬᠤ᠂ ᠬᠠᠰᠤᠬᠤ᠂ ᠵᠢᠷᠤᠮᠯᠠᠬᠤ᠂ | ᠪᠠᠭᠤᠷᠠᠭᠤᠯᠬᠤ︾ ᠦᠨᠳᠦᠰᠦᠨ ᠰᠡᠳᠬᠢᠮᠵᠢ ᠶᠢ ᠨᠠᠶᠢᠳᠠᠪᠤᠷᠢᠵᠢᠭᠤᠯᠵᠤ᠂ ︽9917︾ ᠢᠨᠵᠧᠨᠧᠷᠢᠩ ᠲᠠᠢ | ᠤᠶᠠᠯᠳᠤᠭᠤᠯᠤᠨ ᠳᠠᠷᠤᠯᠲᠠ ᠶᠢ ᠱᠠᠲᠤ ᠱᠠᠲᠤ ᠪᠠᠷ ᠳᠠᠮᠵᠢᠭᠤᠯᠵᠤ᠂ ᠱᠠᠯᠠᠪᠳᠠᠨ ᠬᠢᠨᠠᠨ ᠰᠢᠯᠭᠠᠬᠤ ᠪᠠᠨ ᠴᠢᠩᠭᠠᠳᠬᠠᠨ | ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠵᠢᠯ ᠤᠨᠡᠴᠦᠰ ᠠᠴᠠ ᠡᠮᠦᠨ᠎ᠡ | ᠲᠣᠭᠲᠠᠭᠰᠠᠨ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠳᠥᠷᠪᠡᠨ | ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠠᠳᠬᠤᠨ᠎ᠠ᠄ ᠨᠢᠭᠡ ᠳᠤ᠂ ᠭᠤᠤᠯᠳᠠᠯᠭ᠎ᠠ ᠶᠢ ᠳᠣᠪᠤᠶᠢᠯᠭᠠᠨ ᠵᠠᠰᠠᠯᠲᠠ ᠶᠢ | ᠰᠠᠶᠢᠲᠤᠷ ᠠᠳᠬᠤᠵᠤ᠂ ᠰᠢᠤᠳᠠᠨ ᠵᠣᠶᠢᠯ ᠲᠦᠷᠭᠡᠨ ᠢᠯᠡᠭᠡᠯᠲᠡ ᠶᠢᠨ ᠵᠣᠶᠢᠯ ᠢ ᠬᠡᠲᠦ ᠪᠣᠭᠤᠳᠠᠯᠯᠠᠬᠤ ᠶᠢ ᠵᠠᠰᠠᠬᠤ ᠶᠢ | ᠪᠥᠬᠦ ᠲᠠᠯ᠎ᠠ ᠪᠠᠷ ᠴᠢᠩᠭᠠᠳᠬᠠᠨ᠂ ᠰᠦᠯᠢᠶᠣᠣ ᠶᠢᠨ ᠪᠣᠬᠢᠷᠳᠣᠯ ᠢ ᠵᠠᠰᠠᠬᠤ ᠠᠵᠢᠯ ᠤᠨ ᠤᠯᠤᠰ ᠤᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ 2025 ᠣᠨ ᠤ ᠡᠴᠦᠰ ᠪᠣᠯᠬᠤ ᠳᠤ᠂ ᠪᠥᠬᠦ ᠤᠯᠤᠰ ᠤᠨ | ᠬᠡᠪᠴᠢᠶᠡᠨ ᠳᠤ ᠰᠢᠤᠳᠠᠨ ᠲᠦᠷᠭᠡᠨ ᠢᠯᠡᠭᠡᠯᠲᠡ ᠶᠢᠨ ᠲᠤᠤᠷ ᠴᠡᠭ ᠲᠤ ᠵᠠᠳᠠᠷᠠᠰᠢ ᠦᠭᠡᠢ ᠰᠦᠯᠢᠶᠣᠣ ᠪᠣᠭᠤᠳᠠᠯ | ᠤᠭᠤᠲᠠ ᠶᠢ ᠨᠢᠭᠡ ᠯᠡ ᠤᠳᠠᠭ᠎ᠠ ᠬᠡᠷᠡᠭᠯᠡᠬᠦ ᠰᠦᠯᠢᠶᠣᠣ ᠰᠦᠯᠵᠢᠮᠡᠯ ᠤᠭᠤᠲᠠ ᠵᠡᠷᠭᠡ ᠶᠢ ᠬᠡᠷᠡᠭᠯᠡᠬᠦ ᠶᠢ ᠬᠤᠷᠢᠬᠯᠠᠨ᠎ᠠ | ᠃ ᠬᠤᠶᠠᠷ ᠲᠤ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠵᠦ ᠤᠷᠴᠢᠯᠳᠤᠯ ᠢ ᠠᠬᠢᠭᠤᠯᠵᠤ᠂ ᠤᠷᠴᠢᠯᠳᠤᠯᠳᠤ | ᠲᠦᠷᠭᠡᠨ ᠢᠯᠡᠭᠡᠯᠲᠡ ᠶᠢᠨ ᠪᠣᠭᠤᠳᠠᠯ ᠢ ᠬᠡᠪᠴᠢᠶᠡᠵᠢᠭᠦᠯᠦᠨ ᠬᠡᠷᠡᠭᠯᠡᠬᠦ ᠲᠤᠷᠰᠢᠯᠲᠠ ᠶᠢ ᠯᠠᠪᠳᠠᠭᠤᠨ ᠢᠶᠠᠷ ᠠᠬᠢᠭᠤᠯᠵᠤ᠂ | ᠪᠣᠭᠤᠳᠠᠯ ᠢ ᠬᠤᠷᠢᠶᠠᠨ ᠠᠪᠴᠤ ᠳᠠᠬᠢᠨ ᠬᠡᠷᠡᠭᠯᠡᠬᠦ ᠠᠵᠢᠯ ᠢ ᠠᠬᠢᠭᠤᠯᠤᠨ᠎ᠠ᠃ ᠭᠤᠷᠪᠠ ᠳᠤ᠂ ᠬᠢᠨᠠᠯᠲᠠ | ᠬᠠᠮᠢᠶᠠᠷᠤᠯᠲᠠ ᠶᠢ ᠴᠥᠬᠦᠷᠡᠰᠢ ᠥᠬᠡᠶ ᠴᠢᠩᠭᠠᠳᠬᠠᠵᠤ᠂ ᠬᠡᠲᠦ ᠪᠣᠭᠤᠳᠠᠯᠯᠠᠬᠤ ᠵᠡᠷᠭᠡ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠤᠷᠢᠯᠡᠵᠦ᠂ ᠰᠢᠤᠳᠠᠨ ᠤ ᠠᠵᠦ ᠦᠢᠯᠡᠰ ᠤᠨ | ᠬᠡᠷᠡᠭᠯᠡᠭᠡᠨ ᠤ ᠵᠣᠶᠢᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢᠨ ᠡᠯ᠎ᠡ | ᠵᠣᠶᠢᠯ ᠤᠨ ᠠᠵᠢᠯ ᠢ ᠯᠠᠪᠳᠠᠭᠤᠨ ᠢᠶᠠᠷ ᠠᠬᠢᠭᠤᠯᠵᠤ᠂ ᠲᠦᠷᠭᠡᠨ ᠢᠯᠡᠭᠡᠯᠲᠡ ᠶᠢᠨ ᠪᠣᠭᠤᠳᠠᠯ ᠤᠨ ᠪᠣᠬᠢᠷᠳᠣᠯ ᠥᠬᠡᠶ | ᠵᠠᠰᠠᠯᠲᠠ ᠶᠢ ᠬᠢᠨᠠᠨ ᠰᠢᠨᠵᠢᠵᠦ ᠵᠠᠳᠠᠯᠬᠤ ᠲᠠᠪᠴᠠᠩ ᠢ ᠲᠦᠷᠭᠡᠨ ᠪᠠᠶᠢᠭᠤᠯᠤᠨ᠎ᠠ᠃ ᠳᠥᠷᠪᠡ ᠳᠤ᠂ ᠬᠠᠮᠵᠢᠯᠴᠠᠨ | ᠬᠠᠮᠲᠤ ᠪᠠᠷ ᠵᠠᠰᠠᠬᠤ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ | ᠴᠢᠩᠭᠠᠳᠬᠠᠵᠤ᠂ ᠠᠵᠢᠯ ᠶᠠᠪᠤᠳᠠᠯ ᠤᠨ ᠡᠷᠬᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠶᠠᠷᠢᠶ᠎ᠠ | ᠬᠡᠯᠡᠯᠴᠡᠭᠡᠨ ᠤ ᠤᠬᠠᠭᠤᠯᠭ᠎ᠠ ᠶᠢ ᠴᠢᠬᠤᠯᠠᠴᠢᠯᠠᠨ᠎ᠠ ᠭᠡᠵᠡᠢ᠃ |