ᠡᠳᠡᠭᠡᠷ ᠢᠳᠡᠭᠡᠨ ᠢᠶᠠᠷ ᠺᠠᠯᠼ ᠨᠥᠬᠦᠪᠥᠷᠢᠯᠡᠬᠦ ᠨᠢ ᠨᠠᠶᠢᠳᠠᠪᠤᠷᠢ ᠦᠭᠡᠢ
ᠨᠡᠶᠢᠲᠡᠯᠡᠭᠰᠡᠨ ᠴᠠᠭ᠄
2022/10/18
     100 g ᠬᠠᠷ᠎ᠠ ᠪᠤᠷᠴᠠᠭ  ᠲᠤ ᠪᠠᠷᠤᠭ 220 mg ᠺᠠᠯᠼ ᠠᠭᠤᠯᠤᠭᠳᠠᠵᠤ ᠪᠠᠶᠢᠳᠠᠭ᠃ ᠬᠡᠳᠦ᠋ᠢᠪᠡᠷ  ᠺᠠᠯᠼ ᠤᠨ ᠠᠭᠤᠯᠤᠭᠳᠠᠴᠠ ᠳᠣᠣᠷ᠎ᠠ ᠪᠢᠰᠢ ᠪᠣᠯᠪᠠᠴᠤ ᠬᠠᠷ᠎ᠠ ᠪᠤᠷᠴᠠᠭ ᠵᠡᠷᠭᠡ ᠪᠤᠷᠴᠠᠭ  ᠤᠨ ᠲᠦᠷᠥᠯ ᠳᠤ ᠨᠡᠯᠢᠶᠡᠳ ᠠᠷᠪᠢᠨ ᠤᠷᠭᠤᠮᠠᠯ ᠤᠨ ᠬᠦᠴᠢᠯ ᠠᠭᠤᠯᠤᠭᠳᠠᠵᠤ᠂ ᠺᠠᠯᠼ ᠲᠠᠢ ᠠᠮᠠᠷᠬᠠᠨ ᠨᠡᠶᠢᠯᠡᠵᠦ ᠬᠥᠮᠦᠨ ᠤ ᠪᠡᠶ᠎ᠡ ᠳᠤ ᠬᠢᠯᠪᠠᠷ ᠰᠢᠩᠭᠡᠭᠡᠭᠳᠡᠬᠦ ᠦᠭᠡᠢ ᠤᠷᠭᠤᠮᠠᠯ ᠤᠨ ᠬᠦᠴᠢᠯ ᠤᠨ ᠺᠠᠯᠼ ᠪᠣᠯᠳᠠᠭ᠃      ᠪᠤᠷᠴᠠᠭ ᠤᠨ ᠵᠤᠲᠠᠩ ᠪᠣᠯᠣᠨ᠎ᠠ ᠤᠤ︖ ᠭᠡᠵᠦ ᠵᠠᠷᠢᠮ  ᠬᠥᠮᠦᠨ  ᠠᠰᠠᠭᠤᠵᠤ  ᠮᠡᠳᠡᠨ᠎ᠡ᠃  ᠪᠣᠯᠬᠤ  ᠥᠬᠡᠶ︕100 g ᠪᠤᠷᠴᠠᠭ ᠤᠨ ᠵᠤᠲᠠᠩ ᠳᠤ ᠵᠥᠪᠬᠡᠨ 10 mg ᠣᠷᠴᠢᠮ ᠺᠠᠯᠼ ᠠᠭᠤᠯᠵᠤ᠂ ᠪᠤᠷᠴᠠᠭ ᠤᠨ ᠵᠤᠲᠠᠩ ᠳᠤ ᠨᠡᠯᠢᠶᠡᠳ ᠠᠷᠪᠢᠨ ᠤᠰᠤ ᠠᠭᠤᠯᠵᠤ ᠪᠠᠶᠢᠬᠤ ᠮᠥᠷᠲᠡᠭᠡᠨ ᠬᠢᠬᠦ ᠶᠠᠪᠤᠴᠠ ᠳᠠᠭᠠᠨ ᠵᠤᠭᠠᠩ᠂ ᠬᠠᠯᠤᠬᠧᠨ ᠵᠡᠷᠭᠡ ᠺᠠᠯᠼ ᠤᠨ  ᠠᠭᠤᠯᠤᠭᠳᠠᠴᠠ ᠨᠡᠯᠢᠶᠡᠳ ᠥᠨᠳᠥᠷ ᠪᠣᠳᠠᠰ ᠢ ᠨᠡᠮᠡᠳᠡᠭ ᠦᠭᠡᠢ᠂ ᠡᠶᠢᠮᠦ ᠠᠴᠠ ᠲᠡᠭᠦᠨ ᠤ ᠠᠭᠤᠯᠵᠤ  ᠪᠠᠶᠢᠭ᠎ᠠ  ᠺᠠᠯᠼ ᠤᠨ  ᠠᠭᠤᠯᠤᠭᠳᠠᠴᠠ ᠲᠦᠢᠯ ᠤᠨ ᠪᠠᠭ᠎ᠠ ᠪᠠᠶᠢᠳᠠᠭ᠃  ᠪᠤᠷᠴᠠᠭ ᠢ ᠬᠠᠭᠤᠷᠴᠤ ᠪᠤᠷᠴᠠᠭ ᠤᠨ  ᠤᠭᠤᠷᠠᠭ  ᠪᠣᠯᠭᠠᠪᠠᠯ᠂  ᠨᠠᠩ ᠠᠷᠪᠢᠨ  ᠺᠠᠯᠼ ᠨᠢ ᠪᠤᠷᠴᠠᠭ ᠤᠨ ᠰᠢᠭᠠᠷᠤ ᠳᠣᠲᠣᠷ᠎ᠠ ᠦᠯᠡᠳᠡᠨ᠎ᠡ᠃ ᠡᠶᠢᠮᠦ ᠠᠴᠠ᠂ ᠬᠠᠷ᠎ᠠ ᠪᠤᠷᠴᠠᠭ ᠢᠳᠡᠬᠦ᠂ ᠪᠤᠷᠴᠠᠭ ᠤᠨ  ᠵᠤᠲᠠᠩ  ᠤᠤᠭᠤᠵᠤ  ᠺᠠᠯᠼ ᠨᠥᠬᠦᠪᠥᠷᠢᠯᠡᠬᠦ ᠠᠷᠭ᠎ᠠ ᠮᠠᠶ᠋ᠢᠭ ᠢ ᠴᠤ ᠰᠠᠨᠠᠭᠠᠴᠢᠯᠠᠬᠤ ᠥᠬᠡᠶ᠃              ᠦᠨᠢᠶᠡᠨ ᠰᠦ᠄ ᠨᠠᠰᠤᠨ ᠳᠤ ᠭᠦᠷᠦᠭᠰᠡᠳ ᠡᠳᠦᠷ ᠪᠦᠷᠢ 300 g ᠰᠦ ᠪᠤᠶᠤ ᠴᠠᠭᠠᠨ ᠢᠳᠡᠭᠡ ᠤᠤᠭᠤᠵᠦ ᠢᠳᠡᠬᠦ ᠶᠢ ᠰᠠᠨᠠᠭᠤᠯᠤᠶ᠎ᠠ᠃              ᠪᠤᠷᠴᠠᠭ ᠤᠨ ᠢᠳᠡᠭᠡᠨ᠄ ᠳ᠋ᠧᠦᠹᠦ᠋  ᠶᠢᠨ ᠲᠦᠷᠣᠯ ᠪᠣᠯ ᠺᠠᠯᠼ ᠤᠨ ᠠᠭᠤᠯᠤᠭᠳᠠᠴᠠ  ᠨᠡᠯᠢᠶᠡᠳ ᠥᠨᠳᠥᠷ ᠪᠤᠷᠴᠠᠭ ‍ᠤᠨ‌‍ᠲ᠋ᠦ᠋ᠷᠣᠯ ᠵᠣᠶᠢᠯ ᠪᠣᠯᠣᠨ᠎ᠠ᠃              ᠨᠣᠭᠤᠭᠠᠨ ᠨᠠᠪᠴᠢᠲᠤ ᠢᠳᠡᠰᠢᠨ ᠨᠣᠭᠤᠭ᠎ᠠ᠄ ᠡᠳᠦᠷ ᠪᠦᠷᠢ 300 g ᠠᠴᠠ 500 g  ᠢᠳᠡᠨ᠎ᠡ᠃  ᠨᠣᠭᠤᠭ᠎ᠠ ᠬᠠᠭᠤᠷᠬᠤ ᠠᠴᠠ ᠡᠮᠦᠨ᠎ᠡ ᠢᠳᠡᠰᠢᠨ ᠨᠣᠭᠤᠭ᠎ᠠ ᠶᠢ ᠤᠰᠤᠨ ᠳᠤ ᠴᠢᠨᠠᠵᠣ᠂ ᠡᠪᠡᠰᠦᠨ ᠬᠦᠴᠢᠯ᠂  ᠤᠷᠭᠤᠮᠠᠯ ᠤᠨ ᠬᠦᠴᠢᠯ ᠵᠡᠷᠭᠡ ᠪᠣᠳᠠᠰ ᠤᠨ ᠺᠠᠯᠼ ᠰᠢᠩᠭᠡᠭᠡᠬᠦ ᠨᠣᠷᠮ᠎ᠠ ᠶᠢ ᠨᠥᠯᠥᠭᠡᠯᠡᠬᠦ ᠠᠴᠠ ᠵᠠᠶᠢᠯᠠᠰᠬᠢᠬᠦ ᠶᠢ ᠰᠠᠨᠠᠭᠤᠯᠤᠶ᠎ᠠ᠃              ᠭᠡᠷ ᠤᠨ ᠭᠠᠳᠠᠨ᠎ᠠ  ᠵᠣᠬᠢᠰᠲᠠᠶ  ᠬᠥᠳᠡᠯᠭᠡᠭᠡᠨ  ᠬᠢᠵᠦ᠂ ᠸᠢᠲ᠋ᠠᠮᠢᠨ  D  ᠨᠥᠬᠦᠪᠥᠷᠢᠯᠡᠨ᠎ᠡ᠃  ᠭᠠᠳᠠᠭᠰᠢ ᠭᠠᠷᠴᠤ ᠬᠥᠳᠡᠯᠭᠡᠭᠡᠨ ᠬᠢᠵᠤ᠂ ᠨᠡᠷᠡᠨ ᠳᠤ ᠵᠣᠬᠢᠰᠲᠠᠶ ᠡᠭᠡᠭᠡᠵᠦ᠂ ᠠᠷᠠᠰᠤᠨ ᠳᠤ ᠸᠢᠲ᠋ᠠᠮᠢᠨ  D  ᠰᠢᠩᠭᠡᠭᠡᠨ᠎ᠡ᠂  ᠭᠡᠬᠦ ᠳᠡᠭᠡᠨ  ᠨᠡᠷᠡᠨ ᠳᠤ ᠡᠭᠡᠭᠡᠬᠦ ᠴᠠᠭ ᠪᠠ ᠬᠦᠴᠦᠯᠡᠴᠡ ᠶᠢ ᠠᠩᠬᠠᠷᠴᠤ᠂ ᠠᠷᠠᠰᠤ ᠶᠢ ᠭᠡᠮᠲᠦᠭᠡᠬᠦ ᠠᠴᠠ ᠰᠡᠷᠭᠡᠶᠢᠯᠡᠬᠦ ᠬᠡᠷᠡᠭᠲᠡᠶ᠃ ᠬᠡᠷᠪᠡ ᠨᠡᠷᠡᠨ ᠤ ᠭᠡᠷᠡᠯ ᠪᠠᠭᠤᠷᠠᠢ ᠪᠤᠶᠤ ᠬᠡᠳᠦ ᠬᠦᠷᠡᠩ ᠰᠠᠴᠤᠷᠠᠭ ᠠᠴᠠ ᠠᠶᠤᠵᠤ  ᠪᠠᠶᠢᠪᠠᠯ᠂  ᠪᠠᠰᠠ  ᠸᠢᠲ᠋ᠠᠮᠢᠨ D ᠨᠥᠬᠦᠪᠥᠷᠢ ᠡᠮ ᠤᠤᠭᠤᠵᠤ ᠪᠣᠯᠤᠨ᠎ᠠ᠂ ᠡᠳᠦᠷ ᠪᠦᠷᠢ 400 ᠨᠢᠭᠡᠴᠢ ᠠᠴᠠ ᠬᠡᠳᠦᠷᠡᠭᠦᠯᠵᠦ ᠪᠣᠯᠬᠤ ᠦᠭᠡᠢ᠃            ᠶᠠᠰᠤᠨ ᠱᠦᠯᠤ ᠺᠠᠯᠼ ᠨᠥᠬᠦᠪᠥᠷᠢᠯᠡᠬᠦ ᠨᠢ ᠨᠠᠶᠢᠳᠠᠪᠤᠷᠢ ᠦᠭᠡᠢ᠂ ᠰᠠᠮ ᠬᠤᠷᠣᠬᠠᠢ ᠶᠢᠨ ᠬᠠᠯᠢᠰᠤ ᠢᠳᠡᠵᠦ  ᠺᠠᠯᠼ ᠨᠥᠬᠦᠪᠥᠷᠢᠯᠡᠬᠦ ᠨᠢ ᠴᠤ ᠰᠢᠨᠵᠢᠯᠡᠬᠦ ᠤᠬᠠᠭᠠᠨᠴᠢ ᠪᠢᠰᠢ᠂ ᠺᠠᠯᠼ ᠶᠡᠬᠡᠲᠡᠢ ᠰᠦ ᠪᠠᠷ ᠺᠠᠯᠼ ᠨᠥᠬᠦᠪᠥᠷᠢᠯᠡᠬᠦ ᠴᠦ ᠪᠣᠯᠤᠮᠵᠢ ᠦᠭᠡᠢ ᠪᠠᠶᠢᠵᠤ ᠮᠡᠳᠡᠨ᠎ᠡ᠂ ᠣᠯᠠᠨ ᠢᠶᠠᠷ ᠢᠶᠠᠨ ᠰᠢᠨᠵᠢᠯᠡᠬᠦ ᠤᠬᠠᠭᠠᠨᠴᠢ ᠪᠠᠷ ᠺᠠᠯᠼ ᠨᠥᠬᠦᠪᠥᠷᠢᠯᠡᠭᠡᠷᠡᠢ︕
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号