2023 ᠣᠨ ᠤ 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2022/10/19
     ᠰᠤᠷᠪᠤᠯᠵᠢᠯᠠᠭᠴᠢ ᠣᠶᠢᠷ᠎ᠠ ᠳᠤ ᠵᠠᠬ᠎ᠠ  ᠳᠡᠯᠭᠡᠭᠦᠷ ᠤᠨ  ᠬᠢᠨᠠᠯᠲᠠ  ᠬᠠᠮᠢᠶᠠᠷᠤᠯᠲᠠ ᠶᠢᠨ  ᠶᠡᠷᠦᠩᠬᠡᠶ  ᠲᠣᠪᠴᠢᠶ᠎ᠠ ᠠᠴᠠ ᠣᠶᠢᠯᠠᠭᠠᠭᠰᠠᠨ  ᠢᠶᠠᠷ᠂  ᠵᠠᠬ᠎ᠠ ᠳᠡᠯᠭᠡᠭᠦᠷ ᠤᠨ  ᠬᠢᠨᠠᠯᠲᠠ  ᠬᠠᠮᠢᠶᠠᠷᠤᠯᠲᠠ ᠶᠢᠨ  ᠶᠡᠷᠦᠩᠬᠡᠶ  ᠲᠣᠪᠴᠢᠶᠠᠨ ᠠᠴᠠ ᠳᠠᠷᠤᠮᠠᠯᠯᠠᠨ ᠲᠠᠷᠬᠠᠭᠠᠭᠰᠠᠨ ︽ᠢᠳᠡᠭᠡᠨ ᠤ  ᠬᠤᠯᠪᠣᠭᠳᠠᠯ  ᠪᠥᠬᠦᠶ  ᠣᠶᠢᠯᠡᠳᠬᠦᠨ ᠤ  ᠶᠠᠰᠤ  ᠴᠢᠨᠠᠷ ᠤᠨ  ᠠᠮᠤᠷ  ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ 2023 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ  ᠡᠬᠢᠯᠡᠵᠦ ᠬᠡᠷᠡᠭᠵᠢᠭᠦᠯᠦᠨ᠎ᠡ᠃             ᠲᠦᠷ ᠬᠡᠷᠡᠭᠵᠢᠭᠦᠯᠬᠦ ᠠᠷᠭ᠎ᠠ ᠳᠤ ᠲᠤᠲᠤᠷᠬᠠᠢ ᠲᠤᠷᠠᠳᠤᠭᠰᠠᠨ ᠨᠢ᠂ ᠦᠢᠯᠡᠳᠪᠤᠷᠢᠯᠡᠭᠴᠢ  ᠪᠣᠷᠣᠯᠠᠭᠤᠯᠤᠭᠴᠢ ᠶᠢᠨ  ︽ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ︾ ᠶᠢᠨ  ᠭᠤᠣᠯ ᠬᠠᠷᠢᠭᠤᠴᠠᠯᠭ᠎ᠠ  ᠪᠠ  ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠤ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ  ᠲᠣᠳᠣᠷᠬᠠᠶᠢᠯᠠᠵᠤ᠂ ᠦᠢᠯᠡᠳᠪᠦᠷᠢᠯᠡᠭᠴᠢ ᠳᠤ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠶ ᠬᠢᠨᠠᠯᠲᠠ ᠲᠠᠯᠪᠢᠭᠴᠢ ᠪᠠ  ᠶᠠᠰᠤ  ᠴᠢᠨᠠᠷ ᠤᠨ ᠠᠮᠤᠷ ᠲᠦᠪᠰᠢᠨ ᠤ  ᠬᠢᠨᠠᠯᠲᠠ ᠲᠠᠯᠪᠢᠭᠴᠢ ᠲᠣᠬᠢᠷᠠᠭᠤᠯᠬᠤ ᠶᠢ ᠱᠠᠭᠠᠷᠳᠠᠨ᠂  ᠠᠵᠤ   ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ  ᠬᠠᠷᠢᠭᠤᠴᠠᠯᠭ᠎ᠠ᠂ ᠶᠡᠷᠦᠩᠬᠡᠶᠢᠯᠡᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠰᠢᠭᠤᠳ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ  ᠲᠣᠳᠣᠷᠬᠠᠶᠢᠯᠠᠵᠤ᠂  ᠢᠳᠡᠭᠡᠨ ᠤ ᠬᠠᠮᠢᠶ᠎ᠠ  ᠪᠦᠬᠦᠢ ᠦᠢᠯᠡᠳᠬᠦᠨ ᠤ ᠶᠠᠰᠤ ᠴᠢᠨᠠᠷ ᠤᠨ   ᠠᠮᠤᠷ ᠲᠦᠪᠰᠢᠨ ᠢ ᠭᠦᠢᠴᠡᠳ ᠪᠠᠲᠤᠯᠠᠬᠤ ᠬᠡᠷᠡᠭᠲᠡᠶ᠃ ᠣᠶᠢᠯᠡᠳᠪᠣᠷᠢᠯᠡᠯ ᠤᠨ ᠪᠥᠬᠦ ᠶᠠᠪᠤᠴᠠ ᠳᠤ ᠬᠢᠨᠠᠯᠲᠠ ᠲᠠᠯᠪᠢᠵᠤ  ᠪᠠᠶᠢᠴᠠᠭᠠᠬᠤ  ᠲᠠᠯ᠎ᠠ ᠪᠠᠷ᠂  ᠲᠦᠷ  ᠬᠡᠷᠡᠭᠵᠢᠭᠦᠯᠬᠦ  ᠠᠷᠭ᠎ᠠ ᠳᠤ ᠣᠶᠢᠯᠡᠳᠪᠣᠷᠢᠯᠡᠬᠦ᠂ ᠬᠠᠳᠠᠭᠠᠯᠠᠬᠤ᠂ ᠪᠣᠭᠤᠳᠠᠯᠯᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠬᠠᠮᠤᠷᠤᠭᠰᠠᠨ ᠢᠳᠡᠭᠡᠨ ᠤ ᠬᠠᠮᠢᠶ᠎ᠠ ᠪᠥᠬᠦᠶ ᠪᠦᠲᠦᠭᠡᠭᠳᠡᠬᠦᠨ ᠤ   ᠣᠶᠢᠯᠡᠳᠪᠣᠷᠢᠯᠡᠯ ᠤᠨ ᠪᠥᠬᠦ ᠶᠠᠪᠤᠴᠠ ᠳᠤ ᠡᠵᠡᠮᠳᠡᠬᠦ ᠲᠦᠷᠢᠮ ᠢ ᠪᠠᠶᠢᠭᠤᠯᠤᠨ᠎ᠠ᠃ ᠣᠶᠢᠯᠡᠳᠪᠣᠷᠢᠯᠡᠭᠴᠢ ᠳᠤ ᠲᠦᠭᠦᠬᠡᠶ  ᠮᠠᠲ᠋ᠧᠷᠢᠶᠠᠯ ᠤᠨ ᠬᠠᠮᠢᠶᠠᠷᠤᠯᠲᠠ᠂ ᠣᠶᠢᠯᠡᠳᠪᠣᠷᠢᠯᠡᠯ ᠤᠨ ᠵᠠᠩᠭᠢᠯᠠᠭ᠎ᠠ ᠶᠢᠨ ᠴᠡᠭ ᠢ ᠡᠵᠡᠮᠳᠡᠬᠦ᠂ ᠣᠶᠢᠯᠡᠳᠪᠣᠷᠢ ᠠᠴᠠ  ᠭᠠᠷᠬᠤ ᠶᠢ ᠰᠢᠯᠭᠠᠨ ᠪᠠᠶᠢᠴᠠᠭᠠᠵᠤ ᠡᠵᠡᠮᠳᠡᠬᠦ ᠵᠡᠷᠭᠡ ᠬᠠᠮᠢᠶᠠᠷᠤᠯᠲᠠ ᠶᠢᠨ ᠲᠦᠷᠢᠮ ᠵᠢᠴᠢ ᠡᠵᠡᠮᠳᠡᠬᠦ ᠠᠷᠭ᠎ᠠ ᠬᠡᠮᠵᠢᠶ᠎ᠡ  ᠭᠠᠷᠭᠠᠬᠤ ᠶᠢ ᠱᠠᠭᠠᠷᠳᠠᠵᠤ᠂  ᠢᠳᠡᠭᠡᠨ ᠤ  ᠬᠠᠮᠢᠶ᠎ᠠ  ᠪᠥᠬᠦᠶ ᠣᠶᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ  ᠤ ᠮᠥᠷᠳᠡᠨ ᠪᠠᠶᠢᠴᠠᠭᠠᠯᠲᠠ ᠶᠢ  ᠪᠡᠶᠡᠯᠡᠭᠦᠯᠵᠦ᠂  ᠲᠦᠭᠦᠬᠡᠶ  ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠪᠠ ᠨᠡᠮᠡᠯᠲᠡ ᠡᠳ᠋ ᠢ ᠬᠤᠳᠠᠯᠳᠤᠨ ᠠᠪᠬᠤ ᠠᠴᠠ ᠣᠶᠢᠯᠡᠳᠬᠦᠨ ᠢ ᠪᠣᠷᠣᠯᠠᠭᠤᠯᠬᠤ  ᠪᠣᠯᠲᠠᠯᠠᠬᠢ ᠪᠣᠶ ᠪᠥᠬᠦᠶ ᠭᠤᠭᠴᠤᠭ᠎ᠠ ᠶᠢ ᠴᠥᠮ ᠪᠦᠲᠦᠮᠵᠢᠲᠡᠶ ᠡᠵᠡᠮᠳᠡᠬᠦ ᠶᠢ ᠪᠠᠲᠤᠯᠠᠬᠤ ᠶᠢᠨ  ᠬᠠᠮᠲᠤ᠂ ᠣᠶᠢᠯᠡᠳᠪᠣᠷᠢᠯᠡᠯ ᠤᠨ ᠶᠠᠪᠤᠴᠠ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠬᠤ ᠬᠡᠷᠡᠭᠲᠡᠢ ᠭᠡᠵᠡᠢ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号