ᠶᠡᠭᠡ ᠰᠤᠷᠭᠠᠭᠤᠯᠢ ᠶᠢᠨ ᠰᠣᠶᠣᠯ ᠤᠨ ᠬᠢᠷᠢ ᠬᠡᠮᠵᠢᠶ᠎ᠡ ᠲᠠᠢ ᠬᠥᠮᠥᠨ 2 ᠳ᠋ᠦᠩᠰᠢᠭᠤᠷ ᠢ ᠳᠠᠪᠠᠪᠠ︕
ᠨᠡᠶᠢᠲᠡᠯᠡᠭᠰᠡᠨ ᠴᠠᠭ᠄
2022/11/10
     ᠰᠤᠷᠭᠠᠨ ᠬᠥᠮᠦᠵᠢᠯ ᠤᠨ ᠶᠠᠮᠤᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠠᠮᠢᠶᠠᠳᠠᠢ ᠬᠠᠷᠢᠭᠤᠴᠠᠯᠭᠠᠲᠠᠨ ᠳᠠᠨᠢᠯᠴᠠᠭᠤᠯᠬᠤ ᠳᠠᠭᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠤᠨ ᠰᠤᠷᠭᠠᠨ ᠬᠥᠮᠦᠵᠢᠯ ᠤᠨ ᠪᠠᠶᠢᠳᠠᠯ ᠳᠤ ᠪᠦᠲᠦᠴᠡ ᠶᠢᠨ ᠴᠢᠨᠠᠷ ᠲᠠᠢ ᠬᠤᠪᠢᠷᠠᠯᠲᠠ ᠭᠠᠷᠤᠯ᠎ᠠ ᠬᠡᠵᠠᠢ᠃      2021 ᠣᠨ ᠳᠤ᠂ ᠪᠥᠬᠦ ᠤᠯᠤᠰ ᠲᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠨᠡᠶᠢᠲᠡ 52 ᠲᠦᠮᠡ 9300 ᠪᠠᠶᠢᠵᠤ᠂ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠣᠷᠣᠭᠴᠢ 2 ᠳ᠋ᠦᠩᠰᠢᠭᠤᠷ 9100 ᠲᠦᠮᠡ ᠳᠤ ᠬᠦᠷᠴᠡᠢ︔ ᠡᠭᠦᠨ ᠢ 2012 ᠣᠨ ᠤ ᠬᠢ ᠲᠠᠢ ᠬᠠᠷᠢᠴᠠᠭᠤᠯᠪᠠᠯ᠂ 6300 ᠭᠠᠷᠤᠢ ᠰᠤᠷᠭᠠᠭᠤᠯᠢ᠂ 2800 ᠭᠠᠷᠤᠢ ᠲᠦᠮᠡᠨ ᠰᠣᠷᠣᠭᠴᠢ ᠨᠡᠮᠡᠭᠳᠡᠵᠡᠢ᠃ ᠡᠭᠦᠨ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ 20 ᠲᠦᠮᠡ 7000 ᠪᠠᠶᠢᠵᠤ᠂ ᠰᠣᠷᠣᠭᠴᠢ ᠶᠢᠨ ᠳᠤᠭ᠎ᠠ ᠳ᠋ᠦᠩᠰᠢᠭᠤᠷ 6000 ᠲᠦᠮᠡ ᠳᠤ ᠬᠦᠷᠴᠦ᠂ ᠨᠢᠭᠡᠨᠲᠡ ᠪᠥᠬᠦ ᠲᠠᠯ᠎ᠠ ᠪᠠᠷ ᠲᠦᠭᠡᠮᠡᠯᠵᠢᠭᠰᠡᠨ ᠪᠠᠶᠢᠨ᠎ᠠ᠃      ᠣᠳᠣ᠂ ᠪᠦᠬᠦ ᠤᠯᠤᠰ ᠤᠨ ᠬᠡᠪᠴᠢᠶᠡᠨ ᠳᠤ ᠶᠡᠭᠡ ᠰᠤᠷᠭᠠᠭᠤᠯᠢ ᠶᠢᠨ ᠰᠣᠶᠣᠯ ᠤᠨ ᠬᠢᠷᠢ ᠬᠡᠮᠵᠢᠶ᠎ᠡ ᠲᠠᠢ ᠬᠥᠮᠥᠨ ᠨᠢᠭᠡᠨᠲᠡ 2 ᠳ᠋ᠦᠩᠰᠢᠭᠤᠷ 1800 ᠲᠦᠮᠡ ᠶᠢ ᠳᠠᠪᠠᠭᠰᠠᠨ ᠪᠠᠶᠢᠨ᠎ᠠ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号