ᠠᠶᠢᠮᠠᠭ ᠤᠨ ᠳᠡᠳ᠋ ᠲᠠᠷᠤᠭ᠎ᠠ ᠡᠤ ᠴᠢᠩ ᠬᠤᠸᠠ
ᠨᠡᠶᠢᠲᠡᠯᠡᠭᠰᠡᠨ ᠴᠠᠭ᠄
2022/11/16
ᠲᠤᠪᠴᠢ ᠨᠠᠮᠲᠡᠷ      ᠡᠤ ᠴᠢᠩ ᠬᠤᠸᠠ᠂ ᠡᠷᠡᠭᠲᠡᠢ᠂ ᠬᠢᠲᠠᠳ ᠥᠨᠳᠥᠰᠥᠲᠡᠨ᠂ 1978 ᠤᠨ ᠤ 10 ᠳ᠋ᠤᠭᠠᠷ ᠰᠠᠷ᠎ᠠ ᠳᠤ ᠲᠦᠷᠦᠵᠠᠢ᠂ ᠳᠤᠮᠳᠠᠳᠤ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠣᠶᠣᠳᠠᠨ᠂ 1998 ᠣᠨ ᠤ 11 ᠳ᠋ᠦ᠋ᠭᠡᠷ ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠵᠣ᠂ 2000 ᠣᠨ ᠤ 7 ᠳ᠋ᠣᠭᠠᠷ ᠰᠠᠷ᠎ᠠ ᠳᠤ ᠠᠵᠢᠯ ᠤᠨ ᠪᠠᠶᠢᠷᠢᠨ ᠳᠤ ᠭᠠᠷᠴᠠᠢ᠂ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠶᠢᠮᠠᠭ ᠤᠨ ᠳᠡᠳ᠋ ᠳᠠᠷᠤᠭ᠎ᠠ ᠶᠢᠨ ᠲᠤᠰᠢᠶᠠᠯ ᠨᠤᠭᠤᠳ ᠢ ᠡᠭᠦᠷᠭᠡᠯᠡᠵᠣ ᠪᠣᠢ᠃ ᠦᠩᠭᠡᠷᠡᠭᠰᠡᠨ ᠳᠤ ᠪᠡᠭᠡᠵᠢᠩ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠲᠢᠩᠬᠢᠮ ᠤᠨ ᠠᠯᠪᠠᠨ ᠭᠡᠷ ᠤᠨ ᠺᠠᠳ᠋ᠷ ᠂ ᠨᠠᠷᠢᠨ ᠪᠢᠴᠢᠭᠡᠴᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠵᠦᠪᠯᠡᠯ ᠤᠨ ᠰᠤᠷᠭᠠᠨ ᠬᠥᠮᠦᠵᠢᠯ ᠤᠨ ᠲᠠᠰᠤᠭ ᠤᠨ ᠭᠡᠰᠢᠭᠦᠨ᠂ ᠳᠡᠳ᠋ ᠡᠷᠬᠢᠯᠡᠭᠴᠢ ᠭᠡᠰᠢᠭᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ ᠶᠢᠨ ᠬᠤᠷᠢᠶᠠᠨ ᠤ ᠳᠡᠳ᠋ ᠡᠷᠬᠢᠯᠡᠭᠴᠢ ᠭᠡᠰᠢᠭᠦᠨ᠂ ᠡᠪ ᠬᠠᠮᠲᠤ ᠵᠠᠯᠠᠭᠤᠴᠤᠳ ᠤᠨ ᠡᠪᠯᠡᠯ ᠤᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ ᠶᠢᠨ ᠬᠤᠷᠢᠶᠠᠨ ᠤ ᠳᠡᠳ᠋ ᠱᠦᠵᠢ᠂ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ ᠶᠢᠨ ᠵᠦᠪᠯᠡᠯ ᠤᠨ ᠬᠥᠳᠡᠯᠮᠦᠷᠢ ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠲᠠᠰᠤᠭ ᠤᠨ ᠭᠠᠵᠠᠷ ᠤᠨ ᠳᠠᠷᠤᠭ᠎ᠠ᠂ ᠳᠡᠳ᠋ ᠡᠷᠬᠢᠯᠡᠭᠴᠢ ᠶᠢᠨ ᠲᠤᠰᠢᠶᠠᠯ ᠨᠤᠭᠤᠳ ᠢ ᠡᠭᠦᠷᠭᠡᠯᠡᠵᠣ ᠪᠠᠶᠢᠵᠠᠢ᠃ᠠᠵᠢᠯ ᠤᠨ ᠬᠤᠪᠢᠶᠠᠷᠢᠯᠠᠯ      ᠠᠶᠢᠮᠠᠭ ᠤᠨ ᠳᠠᠷᠤᠭ᠎ᠠ ᠶᠢ ᠬᠠᠮᠵᠢᠨ ᠬᠤᠳᠠᠯᠳᠤᠭᠠᠨ ᠤ ᠶᠠᠪᠤᠳᠠᠯ᠂ ᠮᠥᠩᠭᠦᠨ ᠭᠥᠢᠯᠭᠡᠭᠡᠨ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠶ ᠲᠦᠯᠦᠪᠵᠢᠭᠦᠯᠵᠣ᠂ ᠲᠥᠪ ᠤᠨ ᠪᠠᠶᠢᠭᠤᠯᠭ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠣ᠂ ᠠᠶᠢᠮᠠᠭ ᠤᠨ ᠳᠡᠳ᠋ ᠳᠠᠷᠤᠭ᠎ᠠ ᠶᠠᠩ ᠯᠢ ᠶᠢᠨ ᠬᠤᠪᠢᠳᠠᠨ ᠬᠠᠮᠢᠶᠠᠷᠴᠤ ᠪᠠᠶᠢᠭ᠎ᠠ ᠮᠠᠯ ᠠᠵᠤ ᠠᠬᠤᠶ ᠲᠠᠷᠢᠶᠠᠯᠠᠩ ᠤᠨ ᠬᠥᠷᠢᠶᠡᠨ ᠳᠠᠬᠢ ᠠᠵᠢᠯ ᠲᠠᠢ ᠭᠤᠤᠯᠴᠢᠯᠠᠨ ᠬᠠᠷᠢᠯᠴᠠᠨ᠎ᠠ᠃      ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠢ ᠬᠤᠪᠢᠳᠠᠨ ᠬᠠᠮᠢᠶᠠᠷᠤᠨ᠎ᠠ᠃ ᠠᠶᠢᠮᠠᠭ ᠤᠨ ᠨᠠᠪᠴᠢᠨ ᠲᠠᠮᠠᠬᠢ ᠶᠢᠨ ᠲᠤᠰᠬᠠᠶ ᠬᠤᠳᠠᠯᠳᠤᠭᠠᠨ ᠤ ᠲᠣᠪᠴᠢᠶ᠎ᠠ ︵ᠨᠠᠪᠴᠢᠨ ᠲᠠᠮᠠᠬᠢ ᠶᠢᠨ ᠺᠣᠮᠫᠠᠨᠢ︶᠂ ᠰᠢᠤᠳᠠᠨ ᠤ ᠶᠠᠪᠣᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠰᠢᠤᠳᠠᠨ ᠤ ᠶᠠᠪᠣᠳᠠᠯ ᠤᠨ ᠺᠣᠮᠫᠠᠨᠢ ᠶᠢᠨ ᠰᠢᠯᠢ ᠶᠢᠨ ᠭᠤᠤᠯ ᠠᠶᠢᠮᠠᠭ ᠲᠠᠬᠢ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠰᠢᠯᠢ ᠶᠢᠨ ᠭᠤᠤᠯ ᠳᠠᠬᠢ ᠪᠣᠷᠣᠯᠠᠭᠤᠯᠭ᠎ᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠎ ᠶᠢᠨ ᠰᠢᠯᠢ ᠶᠢᠨ ᠭᠤᠤᠯ ᠠᠶᠢᠮᠠᠭ ᠲᠠᠬᠢ ᠴᠢᠯᠠᠭᠤᠨ ᠲᠣᠰᠣᠨ ᠤ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠰᠢᠯᠢ ᠶᠢᠨ ᠭᠤᠤᠯ ᠠᠶᠢᠮᠠᠭ ᠎ ᠲᠠᠬᠢ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠶᠢᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠰᠢᠯᠢ ᠶᠢᠨ ᠭᠤᠤᠯ ᠬᠤᠪᠢᠶᠠᠷᠢ ᠲᠣᠪᠴᠢᠶ᠎ᠠ᠂ ᠰᠢᠯᠢ ᠶᠢᠨ ᠭᠤᠤᠯ ᠠᠶᠢᠮᠠᠭ ᠲᠤ ᠰᠠᠭᠤᠭ᠎ᠠ ᠪᠤᠰᠤᠳ ᠡᠯ᠎ᠡ ᠪᠠᠩᠬᠢ᠂ ᠳᠠᠭᠠᠳᠬᠠᠯ᠂ ᠦᠨᠡᠳᠣ ᠲᠡᠮᠳᠡᠭᠲᠦ ᠶᠢᠨ ᠪᠠᠶᠢᠭᠤᠯᠤᠮᠵᠢ ᠲᠠᠢ ᠬᠠᠷᠢᠯᠴᠠᠨ᠎ᠠ᠃      ᠠᠶᠢᠮᠠᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠎ ᠤᠳ ᠢ ᠪᠡᠶᠡᠯᠡᠭᠦᠯᠦᠨ᠎ᠡ᠃
 
ᠢᠷᠡᠯᠲᠡ᠄ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号