2017 ᠤᠨ ᠨᠢ ᠦᠪᠤᠷ ᠮᠤᠩᠭᠤᠯ ᠤᠨ ᠰᠢᠯᠢ ᠶᠢᠨ ᠭᠤᠤᠯ ᠠᠶᠢᠮᠠᠭ ᠤᠨ ᠰᠦᠨᠢᠳ ᠪᠠᠷᠠᠭᠤᠨ | ᠬᠤᠰᠢᠭᠤᠨ ᠤ ᠤᠯᠠᠭᠠᠨᠮᠦ᠋ᠴᠢᠷ ᠲᠤ ᠠᠪᠴᠦ ᠬᠡᠯᠡᠪᠡᠯ ᠤᠨᠴᠠᠭᠠᠢ ᠪᠦᠭᠡᠳ ᠴᠢᠬᠤᠯᠠ ᠶᠡᠭᠡ ᠠᠴᠢ ᠬᠤᠯᠪᠤᠭᠳᠠᠯ ᠲᠠᠢ | ᠵᠢᠯ ᠪᠤᠯᠤᠨ᠎ᠠ᠃ 2017 ᠤᠨ ᠳᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ ᠤ | 70 ᠵᠢᠯ ᠤᠨ ᠤᠢ᠂ ᠤᠯᠠᠭᠠᠨᠮᠦ᠋ᠴᠢᠷ ᠪᠠᠶᠢᠭᠤᠯᠤᠭᠳᠠᠭᠰᠠᠨ ᠤ 60 ᠵᠢᠯ ᠤᠨ ᠤᠢ ᠲᠤᠬᠢᠶᠠᠭᠰᠠᠨ ᠶᠤᠮ᠃ ᠰᠦᠨᠢᠳ | ᠪᠠᠷᠠᠭᠤᠨ ᠬᠤᠰᠢᠭᠤᠨ ᠤ ᠤᠯᠠᠭᠠᠨᠮᠦ᠋ᠴᠢᠷ ᠨᠢ ᠪᠥᠬᠦ ᠤᠯᠤᠰ ᠤᠨ ᠤᠤᠭᠠᠨ ᠤᠯᠠᠭᠠᠨᠮᠦ᠋ᠴᠢᠷ ᠪᠤᠯᠤᠭᠰᠠᠨ ᠤ | ᠬᠤᠪᠢ ᠳᠤ᠂ ᠤᠯᠠᠭᠠᠨᠮᠦ᠋ᠴᠢᠷ ᠪᠠᠶᠢᠭᠤᠯᠤᠭᠳᠠᠭᠰᠠᠨ 60 ᠵᠢᠯ ᠤᠨ ᠲᠤᠷᠰᠢᠬᠢ ᠦᠷᠨᠢᠯ ᠬᠦᠭᠵᠢᠯ ᠪᠠ ᠠᠬᠢᠯᠳᠠ | ᠲᠡᠪᠰᠢᠯᠳᠠ ᠪᠠᠨ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠢᠶᠠᠷ ᠬᠠᠷᠢᠭᠤ ᠮᠡᠳᠡᠬᠦᠯᠦᠭᠰᠡᠨ ᠶᠤᠮ᠃ | ᠥᠨᠤᠳᠤᠷ ᠠᠴᠠ ᠲᠠᠪᠤᠨ ᠵᠢᠯ ᠤᠨ ᠡᠮᠦᠨᠡᠬᠢ 2017 ᠤᠨ ᠤ 11 ᠳ᠋ᠦ᠋ᠭᠡᠷ ᠰᠠᠷ᠎ᠠ ᠶᠢᠨ 21 ᠤ ᠡᠳᠤᠷ ᠪᠤᠯ | ᠮᠠᠷᠳᠠᠭᠳᠠᠰᠢ ᠦᠬᠡᠢ ᠨᠢᠭᠡᠨ ᠡᠳᠤᠷ ᠪᠠᠶᠢᠯ᠎ᠠ᠂ ᠶᠠᠭ ᠡᠨᠡ ᠡᠳᠤᠷ ᠰᠦᠨᠢᠳ ᠪᠠᠷᠠᠭᠤᠨ ᠬᠤᠰᠢᠭᠤᠨ ᠤ | ᠤᠯᠠᠭᠠᠨᠮᠦ᠋ᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠬᠠᠶᠢᠷ᠎ᠠ ᠬᠠᠯᠠᠮᠵᠢ ᠪᠢᠯᠬᠠᠭᠰᠠᠨ ᠬᠠᠷᠢᠭᠤ | ᠵᠠᠬᠢᠳᠠᠯ ᠢ ᠲᠤᠰᠴᠦ᠂ ᠶᠡᠷᠦᠩᠬᠡᠢ ᠱᠦᠵᠢ ᠬᠠᠷᠢᠭᠤ ᠵᠠᠬᠢᠳᠠᠯ ᠳᠠᠭᠠᠨ ᠤᠯᠠᠭᠠᠨᠮᠦ᠋ᠴᠢᠷ ᠤᠨ ᠠᠵᠢᠯ ᠢ ᠬᠦᠢᠴᠡᠳ | ᠨᠤᠳᠠᠯᠠᠵᠦ᠂ ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠠᠨ ᠲᠠᠯᠪᠢᠭᠰᠠᠨ ᠶᠤᠮ᠃ ᠬᠠᠷᠢᠭᠤ ᠵᠠᠬᠢᠳᠠᠯ ᠨᠢ | ᠤᠯᠠᠭᠠᠨᠮᠦ᠋ᠴᠢᠷ ᠤᠨ ᠬᠠᠮᠳᠤ ᠤᠯᠠᠨ ᠢ ᠶᠡᠬᠡᠪᠡᠷ ᠵᠤᠷᠢᠭᠵᠢᠭᠤᠯᠵᠦ᠂ ᠪᠥᠬᠦ ᠰᠡᠳᠬᠢᠯ ᠪᠥᠬᠦ ᠵᠤᠷᠢᠭ ᠢᠶᠠᠷ ᠢᠶᠠᠨ ᠠᠷᠠᠳ | ᠲᠦᠮᠡᠨ ᠳᠡᠭᠡᠨ ᠦᠢᠯᠡᠴᠢᠯᠡᠬᠦ ᠢᠳᠡᠭᠡᠯ ᠵᠤᠷᠢᠭ ᠢ ᠨᠢ ᠬᠦᠪᠴᠢᠯᠡᠭᠰᠡᠨ ᠪᠠᠶᠢᠨ᠎ᠠ᠃ ᠤᠯᠠᠭᠠᠨᠮᠦ᠋ᠴᠢᠷ ᠤᠨ | ᠲᠤᠭᠯᠠᠭᠴᠢᠳ ᠬᠠᠷᠢᠭᠤ ᠵᠠᠬᠢᠳᠠᠯ ᠢ ᠲᠤᠰᠤᠭᠰᠠᠨ ᠲᠠᠷᠤᠢ ᠳᠠᠭᠠᠨ ᠬᠤᠯᠪᠤᠭ᠎ᠠ ︽ᠲᠦᠷᠦᠭᠡᠨ ᠳᠤ ᠲᠤᠰᠤᠭᠠᠭᠰᠠᠨ ᠰᠦ | ︾᠂ ᠲᠠᠭᠤᠤ ︽ᠨᠠᠨᠳᠢᠨ ᠵᠠᠬᠢᠶ᠎ᠠ︾᠂ ᠪᠦᠵᠢᠭ ︽ᠮᠠᠨ ᠤ ᠤᠯᠠᠭᠠᠨᠮᠦ᠋ᠴᠢᠷ︾ ᠵᠡᠷᠭᠡ ᠤᠷᠠᠨ ᠰᠠᠶᠢᠬᠠᠨ ᠤ | ᠪᠦᠳᠦᠭᠡᠯ ᠢ ᠵᠤᠬᠢᠶᠠᠨ ᠪᠦᠳᠦᠭᠡᠵᠠᠢ᠃ ᠡᠨᠡ ᠴᠠᠭ ᠮᠦᠴᠡ ᠠᠴᠠ ᠡᠬᠢᠯᠡᠨ ᠤᠯᠠᠭᠠᠨᠮᠦ᠋ᠴᠢᠷ ᠤᠨ ᠲᠤᠭᠯᠠᠭᠴᠢᠳ ᠴᠦ | ᠠᠵᠢᠯ ᠤᠨ ᠲᠤᠮᠳᠠ ᠪᠠᠨ ᠬᠠᠷᠢᠭᠤ ᠵᠠᠬᠢᠳᠠᠯ ᠤᠨ ᠵᠤᠷᠢᠭ ᠰᠠᠨᠠᠭ᠎ᠠ ᠶᠢ ᠲᠠᠰᠤᠷᠠᠯᠳᠠ ᠦᠬᠡᠢ ᠰᠤᠷᠤᠯᠴᠠᠵᠦ᠂ | ᠠᠵᠢᠯ ᠢᠶᠠᠨ ᠵᠢᠯᠤᠭᠤᠳᠤᠭᠤᠯᠵᠦ ᠢᠷᠡᠭᠰᠡᠨ ᠪᠠᠶᠢᠨ᠎ᠠ᠃ | ᠶᠡᠷᠦᠩᠬᠡᠢ ᠱᠦᠵᠢ ᠰᠢ ᠶᠢᠨ ᠫᠢᠩ ᠬᠠᠷᠢᠭᠤ ᠵᠠᠬᠢᠳᠠᠯ ᠳᠠᠭᠠᠨ ᠵᠢᠭᠠᠬᠤ ᠳᠠᠭᠠᠨ᠄ ︽ᠤᠯᠠᠭᠠᠨᠮᠦ᠋ᠴᠢᠷ ᠪᠤᠯ | ᠪᠥᠬᠦ ᠤᠯᠤᠰ ᠤᠨ ᠤᠳᠬ᠎ᠠ ᠤᠷᠠᠯᠢᠭ ᠤᠨ ᠹᠷᠤᠨᠲ ᠤᠨ ᠨᠢᠭᠡᠨ ᠲᠤᠭ ᠮᠦᠨ᠂ ᠬᠠᠮᠤᠭ ᠠᠩᠬᠠᠨ ᠤ ᠤᠯᠠᠭᠠᠨᠮᠦ᠋ᠴᠢᠷ | ᠲᠠᠨᠠᠷ ᠤᠨ ᠨᠤᠳᠤᠭ ᠲᠤ ᠮᠡᠨᠳᠤᠯᠡᠵᠠᠢ᠃ 60 ᠵᠢᠯ ᠤᠨ ᠲᠤᠷᠰᠢ ᠦᠶ᠎ᠡ ᠦᠶ᠎ᠡ ᠶᠢᠨ ᠤᠯᠠᠭᠠᠨᠮᠦ᠋ᠴᠢᠷ ᠤᠨ | ᠲᠤᠭᠯᠠᠭᠴᠢᠳ ᠰᠠᠯᠬᠢ ᠰᠢᠭᠤᠷᠭ᠎ᠠ ᠶᠢ ᠰᠦᠷᠴᠦ᠂ ᠬᠦᠢᠳᠡᠨ ᠬᠠᠯᠠᠭᠤᠨ ᠢ ᠦᠯᠦ ᠬᠠᠶᠢᠬᠤᠷᠤᠨ᠂ ᠤᠷᠳᠤ | ᠬᠤᠭᠤᠴᠠᠭ᠎ᠠ ᠪᠠᠷ ᠭᠤᠪᠢ ᠨᠤᠳᠤᠭ ᠬᠦᠳᠡᠭᠡ ᠲᠠᠯ᠎ᠠ ᠶᠢ ᠲᠤᠭᠤᠯᠵᠦ᠂ ᠬᠦᠬᠡ ᠲᠡᠭᠷᠢ ᠪᠠᠷ ᠬᠦᠰᠢᠭᠡ ᠪᠠᠨ ᠪᠤᠯᠭᠠᠨ᠂ | ᠬᠦᠷᠦᠰᠦᠳᠤ ᠲᠠᠯ᠎ᠠ ᠪᠠᠷ ᠲᠠᠶᠢᠰᠠ ᠪᠠᠨ ᠪᠤᠯᠭᠠᠵᠦ᠂ ᠦᠷᠭᠡᠨ ᠤᠯᠠᠨ ᠮᠠᠯᠴᠢᠳ ᠲᠠᠷᠢᠶᠠᠴᠢᠳ ᠲᠤ ᠪᠠᠶᠠᠷ ᠪᠠᠭ᠋ᠠᠳᠤᠯ | ᠪᠠ ᠰᠤᠶᠤᠯ ᠪᠤᠯᠪᠠᠰᠤᠨ ᠢ ᠬᠦᠷᠭᠡᠵᠦ᠂ ᠨᠠᠮ ᠤᠨ ᠬᠦᠰᠡᠯ ᠱᠠᠭᠠᠷᠳᠠᠯᠭ᠎ᠠ ᠪᠤᠯᠤᠨ ᠬᠠᠶᠢᠷ᠎ᠠ ᠬᠠᠯᠠᠮᠵᠢ ᠶᠢ ᠤᠯᠠᠮᠵᠢᠯᠠᠨ | ᠲᠠᠮᠵᠢᠭᠤᠯᠤᠭᠰᠠᠭᠠᠷ ᠢᠷᠡᠭᠰᠡᠨ ᠶᠤᠮ ᠁︾ ᠭᠡᠵᠠᠢ᠃ | ᠶᠡᠷᠦᠩᠬᠡᠢ ᠱᠦᠵᠢ ᠰᠢ ᠶᠢᠨ ᠫᠢᠩ ᠬᠠᠷᠢᠭᠤ ᠵᠠᠬᠢᠳᠠᠯ ᠳᠠᠭᠠᠨ ᠵᠠᠬᠢᠬᠤ ᠳᠠᠭᠠᠨ᠄ ︽ᠤᠯᠠᠭᠠᠨᠮᠦ᠋ᠴᠢᠷ ᠤᠨ | ᠰᠢᠯᠢᠳᠡᠭ ᠰᠤᠷᠳᠠᠯ ᠢᠶᠠᠨ ᠶᠡᠬᠡᠪᠡᠷ ᠪᠠᠳᠠᠷᠠᠭᠤᠯᠵᠦ᠂ ᠠᠮᠢᠳᠤᠷᠠᠯ ᠤᠨ ᠦᠩ ᠰᠢᠮᠡᠯᠢᠭ ᠬᠦᠷᠦᠰᠤᠨ ᠳᠤ ᠦᠨᠳᠦᠰᠦ | ᠬᠠᠳᠬᠤᠨ᠂ ᠮᠠᠯᠴᠢᠳ ᠲᠠᠷᠢᠶᠠᠴᠢᠨ ᠲᠦᠮᠡᠨ ᠳᠡᠭᠡᠨ ᠦᠢᠯᠡᠴᠢᠯᠡᠵᠦ᠂ ᠤᠳᠬ᠎ᠠ ᠤᠷᠠᠯᠢᠭ ᠤᠨ ᠡᠬᠦᠳᠦᠯᠳᠡ | ᠰᠢᠨᠡᠴᠢᠯᠡᠯᠳᠡ ᠶᠢ ᠠᠬᠢᠭᠤᠯᠵᠦ᠂ ᠤᠯᠠᠨ ᠲᠦᠮᠡᠨ ᠲᠠᠢ ᠨᠡᠩ ᠤᠶᠢᠷᠠᠳᠤᠭᠰᠠᠨ᠂ ᠤᠯᠠᠮᠵᠢᠯᠠᠭᠳᠠᠨ ᠲᠠᠭᠤᠷᠢᠰᠴᠦ᠂ | ᠦᠪᠯᠡᠨ ᠬᠠᠳᠠᠭᠠᠯᠠᠭᠳᠠᠬᠤ ᠨᠡᠩ ᠤᠯᠠᠨ ᠰᠢᠯᠢᠳᠡᠭ ᠪᠦᠳᠦᠭᠡᠯ ᠢ ᠵᠤᠬᠢᠶᠠᠨ ᠪᠦᠳᠦᠭᠡᠬᠦ ᠪᠠᠷ ᠴᠢᠷᠮᠠᠶᠢᠵᠦ᠂ ᠦᠨᠢ | ᠡᠬᠦᠷᠢᠳᠡ ᠲᠠᠯ᠎ᠠ ᠨᠤᠳᠤᠭ ᠤᠨ ᠬᠤᠪᠢᠰᠬᠠᠯᠳᠤ ᠤᠳᠬ᠎ᠠ ᠤᠷᠠᠯᠢᠭ ᠤᠨ ᠬᠦᠩᠭᠡᠨ ᠮᠤᠷᠢᠳᠤ ᠴᠡᠷᠢᠭ ᠪᠤᠯᠤᠭᠠᠷᠠᠢ︾ | ᠭᠡᠰᠡᠨ ᠶᠤᠮ᠃ | ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ | ᠬᠠᠷᠢᠭᠤ ᠵᠠᠬᠢᠳᠠᠯ ᠢ ᠲᠤᠰᠤᠭᠰᠠᠨ ᠠᠴᠠ ᠨᠠᠭᠠᠰᠢ᠂ ᠤᠯᠤᠰ ᠲᠦᠷᠦ ᠶᠢᠨ ᠪᠠᠶᠢᠭᠤᠯᠤᠯᠳᠠ ᠪᠠᠨ ᠴᠢᠩᠭᠠᠳᠬᠠᠵᠦ᠂ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ | ᠤᠬᠠᠮᠰᠠᠷ ᠢ ᠪᠠᠳᠤᠳᠬᠠᠨ ᠪᠠᠬᠢᠵᠢᠬᠦᠯᠬᠦ ᠪᠠᠷ ᠭᠤᠤᠯ ᠱᠤᠭᠤᠮ ᠪᠤᠯᠭᠠᠵᠦ᠂ ᠶᠡᠷᠦᠩᠬᠡᠢ ᠱᠦᠵᠢ ᠰᠢ ᠶᠢᠨ ᠫᠢᠩ ᠤᠨ | ᠦᠪᠤᠷ ᠮᠤᠩᠭᠤᠯ ᠳᠤ ᠦᠭᠬᠦᠭᠰᠡᠨ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠨ | ᠤᠬᠠᠭᠤᠯᠵᠦ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠲᠤᠭᠯᠠᠭᠴᠢᠳ ᠤᠨ ᠤᠯᠤᠰ ᠲᠦᠷᠦ ᠤᠨᠤᠯ ᠤᠨ | ᠰᠤᠷᠤᠯᠴᠠᠯᠭ᠎ᠠ ᠶᠢ ᠴᠢᠩᠭᠠᠳᠬᠠᠵᠦ᠂ ᠤᠯᠠᠭᠠᠨᠮᠦ᠋ᠴᠢᠷ ᠤᠨ ᠡᠩᠨᠡᠭᠡᠨ ᠳᠠᠬᠢ ᠨᠠᠮ ᠤᠨ ᠭᠡᠰᠢᠬᠦᠨ ᠤ ᠵᠢᠱᠢᠶᠡᠴᠢ | ᠲᠠᠭᠠᠭᠤᠯᠤᠭᠴᠢ ᠶᠢᠨ ᠦᠢᠯᠡᠳᠤᠯ ᠢ ᠬᠦᠢᠴᠡᠳ ᠪᠠᠳᠠᠷᠠᠭᠤᠯᠵᠦ᠂ ᠪᠥᠬᠦ ᠲᠤᠭᠯᠠᠭᠴᠢᠳ ᠤᠨ ᠦᠵᠡᠯ ᠰᠠᠨᠠᠭ᠎ᠠ ᠤᠯᠤᠰ | ᠲᠦᠷᠦ ᠶᠢᠨ ᠬᠢᠷᠢ ᠪᠤᠯᠪᠠᠰᠤᠷᠠᠯ ᠪᠥᠬᠦ ᠲᠠᠯ᠎ᠠ ᠪᠠᠷ ᠲᠡᠭᠡᠭᠰᠢᠯᠡᠭᠰᠡᠨ ᠪᠠᠶᠢᠨ᠎ᠠ᠃ | ᠲᠠᠪᠤᠨ ᠵᠢᠯ ᠤᠨ ᠲᠤᠷᠰᠢ᠂ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠬᠢᠨ ᠰᠠᠭᠤᠷᠢ | ᠪᠦᠳᠦᠭᠡᠨ ᠪᠠᠶᠢᠭᠤᠯᠤᠯᠳᠠ ᠪᠠᠨ ᠴᠢᠩᠭᠠᠳᠬᠠᠵᠦ᠂ ᠠᠯᠢ ᠤᠯᠠᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ | ᠡᠬᠢᠯᠡᠬᠦᠯᠦᠨ ᠬᠡᠷᠡᠭᠵᠢᠬᠦᠯᠦᠭᠰᠡᠨ ᠪᠠᠶᠢᠨ᠎ᠠ᠃ ᠲᠠᠪᠤᠨ ᠵᠢᠯ ᠤᠨ ᠲᠤᠷᠰᠢ᠂ ᠰᠦᠨᠢᠳ ᠪᠠᠷᠠᠭᠤᠨ ᠬᠤᠰᠢᠭᠤᠨ ᠤ | ᠤᠯᠠᠭᠠᠨᠮᠦ᠋ᠴᠢᠷ ᠨᠢ ᠤᠯᠠᠭᠠᠨᠮᠦ᠋ᠴᠢᠷ ᠤᠨ ᠰᠢᠯᠢᠳᠡᠭ ᠤᠯᠠᠮᠵᠢᠯᠠᠯ ᠢᠶᠠᠨ ᠴᠢᠨᠠᠭᠰᠢᠳᠠ ᠪᠠᠳᠠᠷᠠᠭᠤᠯᠵᠦ᠂ ᠰᠤᠶᠤᠯ ᠤᠨ | ᠤᠨᠴᠠᠯᠢᠭ ᠢ ᠲᠤᠪᠤᠶᠢᠯᠭᠠᠵᠦ᠂ ᠤᠷᠤᠨ ᠨᠤᠳᠤᠭ ᠤᠨ ᠤᠨᠴᠠᠯᠢᠭ ᠢᠶᠠᠨ ᠢᠯᠡᠷᠡᠬᠦᠯᠵᠦ᠂ ᠴᠠᠭ ᠦᠶ᠎ᠡ ᠶᠢᠨ | ᠱᠠᠭᠠᠷᠳᠠᠯᠭ᠎ᠠ ᠶᠢ ᠲᠤᠳᠤᠷᠬᠠᠶᠢᠯᠠᠵᠦ᠂ ᠠᠵᠢᠯ ᠤᠨ ᠠᠷᠭ᠎ᠠ ᠬᠡᠯᠪᠡᠷᠢ ᠪᠠᠨ ᠪᠦᠷᠢᠨᠰᠢᠬᠦᠯᠵᠦ᠂ ᠦᠢᠯᠡᠴᠢᠯᠡᠭᠡᠨ ᠤ ᠠᠷᠭ᠎ᠠ | ᠬᠡᠯᠪᠡᠷᠢ ᠪᠠᠨ ᠰᠢᠯᠢᠳᠡᠭᠵᠢᠬᠦᠯᠵᠦ᠂ ᠤᠯᠠᠭᠠᠨᠮᠦ᠋ᠴᠢᠷ ᠤᠨ ᠬᠦᠭᠵᠢᠯᠳᠡ ᠪᠠᠷ ᠢᠶᠠᠨ ᠰᠢᠨ᠎ᠡ ᠴᠠᠭ ᠦᠶ᠎ᠡ ᠶᠢᠨ ᠠᠷᠠᠳ | ᠲᠦᠮᠡᠨ ᠤ ᠡᠳᠤᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠲᠦᠯᠦᠭᠡᠨ ᠤ ᠱᠠᠭᠠᠷᠳᠠᠯᠭ᠎ᠠ ᠶᠢ | ᠨᠡᠩ ᠰᠠᠶᠢᠨ ᠬᠠᠩᠭᠠᠭᠰᠠᠨ ᠪᠠᠶᠢᠨ᠎ᠠ᠃ | ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ︽ᠪᠥᠬᠦ ᠤᠯᠤᠰ ᠤᠨ ᠲᠤᠯᠤᠳᠤᠭᠠᠷ ᠬᠤᠭᠤᠴᠠᠭᠠᠨ ᠤ | ᠮᠠᠯᠴᠢᠳ ᠲᠠᠷᠢᠶᠠᠴᠢᠳ ᠲᠤ ᠦᠢᠯᠡᠴᠢᠯᠡᠨ᠂ ᠦᠨᠳᠦᠰᠦᠨ ᠱᠠᠳᠤᠨ ᠤ ᠰᠤᠶᠤᠯ ᠤᠨ ᠪᠠᠶᠢᠭᠤᠯᠤᠯᠳᠠ ᠳᠤ | ᠦᠢᠯᠡᠴᠢᠯᠡᠭᠰᠡᠨ ᠲᠡᠷᠢᠬᠦᠨ ᠤ ᠬᠠᠮᠳᠤ ᠨᠡᠶᠢᠳᠡ︾᠂ ᠪᠥᠬᠦ ᠤᠯᠤᠰ ᠤᠨ ᠵᠠᠯᠠᠭᠤᠴᠤᠳ ᠤᠨ ︽ᠲᠠᠪᠤᠨ ᠰᠠᠷ᠎ᠠ ᠶᠢᠨ | ᠲᠦᠷᠪᠡᠨ︾ ᠤ ᠱᠠᠩᠨᠠᠯ ᠤᠨ ᠮᠧᠳᠠᠯ ᠬᠦᠷᠳᠡᠭᠰᠡᠨ ᠬᠠᠮᠳᠤ ᠨᠢᠭᠡᠴᠡ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ ᠠᠴᠠ ᠤᠯᠭᠤᠭᠰᠠᠨ ︽ᠤᠮᠠᠷᠠᠳᠤ ᠬᠢᠯᠢ ᠶᠢᠨ ᠵᠢᠱᠢᠶᠡᠴᠢ︾ | ᠭᠡᠰᠡᠨ ᠢᠷᠠᠭᠤ ᠠᠯᠳᠠᠷ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠮᠡᠭᠲᠠᠶᠢᠴᠤᠳ ᠤᠨ ᠬᠤᠯᠪᠤᠭᠠᠳᠤ | ᠬᠤᠷᠠᠯ ᠠᠴᠠ ᠤᠯᠭᠤᠭᠰᠠᠨ ︽ᠪᠥᠬᠦ ᠤᠷᠤᠨ ᠤ ᠭᠤᠷᠪᠠᠨ ᠰᠠᠷ᠎ᠠ ᠶᠢᠨ ᠨᠡᠢᠮᠠᠨ ᠤ ᠤᠯᠠᠭᠠᠨ ᠲᠤᠭᠴᠢ ᠬᠠᠮᠳᠤ | ᠨᠡᠶᠢᠳᠡ︾ ᠭᠡᠰᠡᠨ ᠢᠷᠠᠭᠤ ᠠᠯᠳᠠᠷ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ | ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ ᠠᠴᠠ ᠤᠯᠭᠤᠭᠰᠠᠨ ︽ᠲᠠᠯ᠎ᠠ ᠨᠤᠳᠤᠭ ᠤᠨ ᠴᠢᠳᠠᠪᠤᠷᠢᠳᠠᠨ︾ | ᠭᠡᠰᠡᠨ ᠬᠠᠮᠳᠤ ᠨᠢᠭᠡᠴᠡ ᠶᠢᠨ ᠢᠷᠠᠭᠤ ᠠᠯᠳᠠᠷ᠂ ᠪᠥᠬᠦ ᠤᠯᠤᠰ ᠤᠨ ︽ᠬᠠᠮᠤᠭ ᠤᠨ ᠰᠠᠶᠢᠬᠠᠨ ᠲᠡᠮᠡᠴᠡᠭᠴᠢ︾ | ᠲᠡᠷᠢᠬᠦᠨ ᠤ ᠬᠠᠮᠳᠤ ᠨᠡᠶᠢᠳᠡ ᠶᠢᠨ ᠢᠷᠠᠭᠤ ᠠᠯᠳᠠᠷ᠂ ︽ᠪᠥᠬᠦ ᠤᠯᠤᠰ ᠤᠨ ᠦᠨᠳᠦᠰᠦᠳᠡᠨ ᠤ ᠪᠦᠯᠬᠦᠮᠳᠡᠯ | ᠲᠠᠪᠰᠢᠯᠳᠠ ᠶᠢᠨ ᠵᠢᠱᠢᠶᠡᠴᠢ ᠬᠠᠮᠳᠤ ᠨᠡᠶᠢᠳᠡ︾ ᠭᠡᠰᠡᠨ ᠢᠷᠠᠭᠤ ᠠᠯᠳᠠᠷ᠂ ︽ᠪᠥᠬᠦ ᠤᠯᠤᠰ ᠤᠨ | ᠡᠮᠡᠭᠲᠠᠶᠢᠴᠤᠳ ᠤᠨ ᠭᠠᠪᠢᠶ᠎ᠠ ᠪᠠᠶᠢᠭᠤᠯᠤᠭᠰᠠᠨ ᠲᠡᠷᠢᠬᠦᠨ ᠤ ᠬᠠᠮᠳᠤ ᠨᠢᠭᠡᠴᠡ︾ ᠶᠢᠨ ᠢᠷᠠᠭᠤ ᠠᠯᠳᠠᠷ᠂ 2020 | ᠤᠨ ᠤ 10 ᠳ᠋ᠤᠭᠠᠷ ᠰᠠᠷ᠎ᠠ ᠳᠤ ᠪᠥᠬᠦ ᠤᠯᠤᠰ ᠤᠨ ᠡᠮᠡᠭᠲᠠᠶᠢᠴᠤᠳ ᠤᠨ ᠬᠤᠯᠪᠤᠭᠠᠳᠤ ᠬᠤᠷᠠᠯ ᠠᠴᠠ ᠤᠯᠭᠤᠭᠰᠠᠨ | ︽2019 ᠤᠨ ᠤ ᠪᠥᠬᠦ ᠤᠯᠤᠰ ᠤᠨ ᠭᠤᠷᠪᠠᠨ ᠰᠠᠷ᠎ᠠ ᠶᠢᠨ ᠨᠡᠢᠮᠠᠨ ᠤ ᠤᠯᠠᠭᠠᠨ ᠲᠤᠭᠴᠢ ᠬᠠᠮᠳᠤ ᠨᠡᠶᠢᠳᠡ︾ | ᠭᠡᠰᠡᠨ ᠢᠷᠠᠭᠤ ᠠᠯᠳᠠᠷ᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠠᠪᠤᠨ ᠰᠠᠷ᠎ᠠ ᠶᠢᠨ ᠨᠢᠭᠡᠨ ᠤ | ᠬᠦᠳᠡᠯᠮᠦᠷᠢ ᠶᠢᠨ ᠱᠠᠩᠨᠠᠯ ᠤᠨ ᠤᠳᠤᠨ ᠬᠦᠷᠳᠡᠭᠰᠡᠨ ᠬᠠᠮᠳᠤ ᠨᠢᠭᠡᠴᠡ︾ ᠭᠡᠰᠡᠨ ᠢᠷᠠᠭᠤ ᠠᠯᠳᠠᠷ ᠵᠡᠷᠭᠡ ᠠᠯᠢ | ᠤᠯᠠᠨ ᠢᠷᠠᠭᠤ ᠠᠯᠳᠠᠷ ᠱᠠᠩᠨᠠᠯ ᠬᠦᠬᠢᠬᠦᠯᠦᠯ ᠢ ᠬᠦᠷᠳᠡᠵᠠᠢ᠃ | ᠲᠠᠪᠤᠨ ᠵᠢᠯ ᠤᠨ ᠲᠤᠷᠰᠢ᠂ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠨᠢ ᠤᠷᠢᠳ ᠬᠤᠵᠢᠳ | ᠤᠯᠤᠰ ᠤᠨ ᠤᠷᠠᠯᠢᠭ ᠤᠨ ᠰᠠᠭᠤᠷᠢ ᠮᠦᠩᠬᠦᠨ ᠤ ᠨᠡᠶᠢᠬᠡᠮᠯᠢᠭ ᠠᠴᠠ ᠪᠡᠯᠡ ᠤᠷᠤᠭᠤᠯᠵᠦ ᠲᠡᠮᠵᠢᠭᠰᠡᠨ ᠲᠦᠷᠦᠯ ᠵᠦᠢᠯ | ᠪᠤᠯᠬᠤ ᠮᠤᠩᠭᠤᠯ ᠵᠦᠴᠦᠭᠡ ︽ᠵᠢᠷᠦᠭᠡ ᠶᠢᠨ ᠬᠠᠶᠢᠷ᠎ᠠ︾᠂ ᠭᠤᠤᠯ ᠰᠡᠳᠤᠪᠳᠤ ᠦᠳᠡᠰᠢᠯᠡᠭᠡ ︽ᠨᠢᠭᠡ ᠰᠠᠯᠠᠭ᠎ᠠ | ᠬᠦᠩᠭᠡᠨ ᠮᠤᠷᠢᠳᠤ ᠴᠡᠷᠢᠭ ᠠᠳᠡ ᠠᠴᠠ ᠮᠤᠷᠳᠠᠯ᠎ᠠ︾᠂ ︽ᠲᠤᠯᠭᠤᠷ ᠵᠤᠷᠢᠯᠳᠠ ᠡᠬᠦᠷᠭᠡ ᠬᠠᠷᠢᠭᠤᠴᠠᠯᠭ᠎ᠠ ᠪᠠᠨ | ᠮᠠᠷᠳᠠᠯ ᠦᠬᠡᠢ ᠬᠠᠶᠢᠷ᠎ᠠ ᠪᠢᠯᠬᠠᠭᠰᠠᠨ ᠲᠠᠯ᠎ᠠ ᠨᠤᠳᠤᠭ ᠠᠴᠠ ᠲᠠᠬᠢᠨ ᠮᠤᠷᠳᠠᠶ᠎ᠠ︾᠂ ︽ᠮᠠᠭᠳᠠᠭᠠᠯ ᠲᠠᠭᠤᠤ ᠪᠠᠨ ᠨᠠᠮ | ᠳᠠᠭᠠᠨ ᠡᠷᠬᠦᠶ᠎ᠡ︾᠂ ᠬᠤᠯᠪᠤᠭ᠎ᠠ ︽ᠲᠦᠷᠦᠭᠡᠨ ᠳᠤ ᠲᠤᠰᠤᠭᠠᠭᠰᠠᠨ ᠰᠦ︾᠂ ᠪᠦᠵᠢᠭ ︽ᠮᠠᠨ ᠤ ᠤᠯᠠᠭᠠᠨᠮᠦ᠋ᠴᠢᠷ︾ | ᠂ ︽ᠶᠡᠷᠦᠩᠬᠡᠢ ᠱᠦᠵᠢ ᠶᠢᠨ ᠬᠠᠷᠢᠭᠤ ᠵᠠᠬᠢᠳᠠᠯ︾᠂ ᠲᠠᠭᠤᠤ ︽ᠨᠠᠨᠳᠢᠨ ᠵᠠᠬᠢᠶ᠎ᠠ︾᠂ ︽ᠮᠠᠨ ᠤ ᠤᠯᠠᠭᠠᠨᠮᠦ᠋ᠴᠢᠷ︾ | ᠵᠡᠷᠭᠡ ᠪᠦᠳᠦᠭᠡᠯ ᠢ ᠵᠤᠬᠢᠶᠠᠨ ᠪᠦᠳᠦᠭᠡᠵᠦ᠂ ᠡᠳᠡᠭᠡᠷ ᠤᠳᠬ᠎ᠠ ᠤᠷᠠᠯᠢᠭ ᠤᠨ 60 ᠭᠠᠷᠤᠢ ᠪᠦᠳᠦᠭᠡᠯ ᠨᠢ | ᠠᠶᠢᠮᠠᠭ ᠤᠨ ᠱᠠᠳᠤᠨ ᠠᠴᠠ ᠲᠡᠭᠡᠭᠰᠢᠬᠢ ᠡᠬᠦᠳᠤᠨ ᠪᠦᠳᠦᠭᠡᠯᠳᠡ ᠪᠠ ᠲᠤᠭᠯᠠᠯᠳᠠ ᠶᠢᠨ 30 ᠰᠢᠬᠠᠮ ᠲᠦᠷᠦᠯ ᠤᠨ | ᠱᠠᠩᠨᠠᠯ ᠬᠦᠬᠢᠬᠦᠯᠦᠯ ᠢ ᠬᠦᠷᠳᠡᠭᠰᠡᠨ ᠪᠠᠶᠢᠨ᠎ᠠ᠃ | ᠲᠠᠪᠤᠨ ᠵᠢᠯ ᠤᠨ ᠲᠤᠷᠰᠢ᠂ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠪᠠᠨ ᠲᠡᠭᠡᠭᠰᠢᠯᠡᠬᠦᠯᠬᠦ ᠲᠠᠯ᠎ᠠ ᠪᠠᠷ᠂ | ᠡᠩᠨᠡᠭᠡᠨ ᠤ ᠪᠠᠨ ᠤᠨᠴᠠᠯᠢᠭ ᠢ ᠦᠨᠳᠦᠰᠦᠯᠡᠨ᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠤᠯᠠᠭᠠᠨᠮᠦ᠋ᠴᠢᠷ ᠤᠨ ᠲᠦᠷᠢᠮ︾ ᠤᠨ ᠲᠠᠭᠠᠤ ᠡᠯ᠎ᠡ ᠲᠦᠷᠦᠯ ᠤᠨ ᠨᠡᠶᠢᠳᠡ 280 ᠬᠤᠨᠤᠭ ᠤᠨ ᠪᠤᠯᠪᠠᠰᠤᠷᠠᠯ ᠢ | ᠡᠷᠬᠢᠯᠡᠭᠰᠡᠨ ᠪᠤᠶᠤ ᠪᠤᠯᠪᠠᠰᠤᠷᠠᠯ ᠳᠤ ᠤᠷᠤᠯᠴᠠᠵᠦ᠂ ᠠᠶᠢᠮᠠᠭ ᠤᠨ ᠱᠠᠳᠤᠨ ᠠᠴᠠ ᠲᠡᠭᠡᠭᠰᠢᠬᠢ 20 ᠭᠠᠷᠤᠢ | ᠫᠷᠤᠹᠧᠰᠰᠤᠷ ᠲᠤᠰᠬᠠᠢ ᠮᠡᠷᠭᠡᠵᠢᠯᠳᠡᠨ ᠢ ᠤᠷᠢᠵᠦ ᠲᠤᠳᠤᠭᠠᠳᠤ ᠶᠢᠨ ᠪᠤᠯᠪᠠᠰᠤᠷᠠᠯ ᠢ ᠡᠷᠬᠢᠯᠡᠭᠰᠡᠨ ᠪᠠᠶᠢᠨ᠎ᠠ᠃ ︽ | ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠤᠷᠠᠯᠢᠭ ᠤᠨ ᠵᠤᠬᠢᠶᠠᠮᠵᠢ ᠴᠤᠭᠯᠠᠭᠤᠯᠬᠤ ᠰᠠᠭᠤᠷᠢᠨ ᠭᠠᠵᠠᠷ | ︾ ᠢ ᠪᠠᠶᠢᠭᠤᠯᠵᠦ᠂ ᠤᠯᠠᠭᠠᠨᠮᠦ᠋ᠴᠢᠷ ᠤᠨ ᠵᠤᠬᠢᠶᠠᠨ ᠪᠦᠳᠦᠭᠡᠭᠴᠢᠳ ᠤᠨ ᠤᠷᠠᠯᠢᠭ ᠤᠨ ᠵᠤᠬᠢᠶᠠᠮᠵᠢ ᠴᠤᠭᠯᠠᠭᠤᠯᠬᠤ | ᠪᠠ ᠦᠨᠳᠦᠰᠦᠨ ᠱᠠᠳᠤᠨ ᠳᠤ ᠰᠤᠶᠤᠯ ᠤᠷᠠᠯᠢᠭ ᠤᠨ ᠵᠢᠯᠤᠭᠤᠳᠤᠯᠭ᠎ᠠ ᠬᠠᠩᠭᠠᠬᠤ ᠳᠤ ᠠᠰᠢᠭᠲᠠᠢ ᠲᠠᠪᠴᠠᠩ ᠢ | ᠬᠠᠩᠭᠠᠭᠰᠠᠨ ᠪᠠᠶᠢᠨ᠎ᠠ᠃ | ᠤᠯᠤᠰ ᠤᠨ ᠲᠤᠳᠤᠭᠠᠳᠤ ᠭᠠᠳᠠᠭᠠᠳᠤ ᠳᠤ ᠰᠤᠯᠢᠯᠴᠠᠭ᠎ᠠ ᠬᠢᠵᠦ ᠲᠤᠭᠯᠠᠯᠳᠠ ᠭᠠᠷᠭᠠᠭᠰᠠᠨ ᠲᠠᠯ᠎ᠠ ᠪᠠᠷ᠂ | ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠨᠢ ᠤᠷᠢᠳ ᠬᠤᠵᠢᠳ ᠤᠯᠤᠰ ᠲᠦᠷᠦ ᠶᠢᠨ ᠵᠦᠪᠯᠡᠯᠭᠡᠨ ᠤ | ᠪᠥᠬᠦ ᠤᠯᠤᠰ ᠤᠨ ᠬᠤᠷᠢᠶᠠᠨ ᠤ ᠰᠢᠨ᠎ᠡ ᠵᠢᠯ ᠤᠨ ᠴᠠᠶᠢᠯᠠᠯᠭ᠎ᠠ ᠶᠢᠨ ᠤᠷᠠᠨ ᠰᠠᠶᠢᠬᠠᠨ ᠤ ᠲᠤᠭᠯᠠᠯᠳᠠ᠂ ᠲᠦᠪ ᠤᠨ | ᠷᠠᠳᠢᠤ᠋ ᠲᠧᠯᠸᠢᠰ ᠤᠨ ᠬᠤᠷᠢᠶᠠᠨ ᠤ ᠴᠠᠭᠠᠨ ᠰᠠᠷ᠎ᠠ ᠶᠢᠨ ᠦᠳᠡᠰᠢᠯᠡᠭᠡ ᠵᠡᠷᠭᠡ ᠦᠳᠡᠰᠢᠯᠡᠭᠡ ᠲᠤᠭᠯᠠᠯᠳᠠ ᠳᠤ | ᠤᠷᠤᠯᠴᠠᠵᠠᠢ᠃ 2019 ᠤᠨ ᠳᠤ ᠲᠤᠤᠺᠢᠤ᠋ ᠳᠤ ᠬᠦᠷᠴᠦ ︽ᠰᠤᠶᠤᠯ ᠢᠷᠭᠡᠨᠰᠢᠯ ᠤᠨ ᠤᠯᠤᠰ ᠤᠨ ᠠᠭᠠᠷ ᠠᠶᠠᠯᠠᠯ | ︾ ᠭᠡᠰᠡᠨ ᠲᠤᠮᠳᠠᠳᠤ ᠤᠯᠤᠰ ᠤᠨ ᠤᠯᠤᠰ ᠤᠨ ᠠᠭᠠᠷ ᠠᠶᠠᠯᠠᠯ ᠤᠨ ᠺᠤᠮᠫᠠᠨᠢ ᠶᠢᠨ ᠶᠠᠫᠤᠨ ᠳᠠᠬᠢ ᠰᠤᠯᠢᠯᠴᠠᠭᠠᠨ ᠤ | ᠠᠵᠢᠯᠯᠠᠭ᠎ᠠ ᠳᠤ ᠤᠷᠤᠯᠴᠠᠭᠰᠠᠨ ᠪᠠᠶᠢᠨ᠎ᠠ᠃ 2021 ᠤᠨ ᠳᠤ ᠪᠥᠬᠦ ᠤᠯᠤᠰ ᠤᠨ 12 ᠮᠤᠵᠢ ᠬᠤᠳᠠ ᠪᠠᠷ | ᠬᠦᠷᠴᠦ ︽ᠨᠠᠨᠳᠢᠨ ᠪᠡᠯᠡᠭ ᠢᠶᠠᠨ ᠨᠠᠮ ᠳᠠᠭᠠᠨ ᠡᠷᠬᠦᠵᠦ᠂ ᠠᠷᠠᠳ ᠲᠦᠮᠡᠨ ᠳᠡᠭᠡᠨ ᠬᠠᠷᠢᠭᠤ ᠮᠡᠳᠡᠬᠦᠯᠦᠶ᠎ᠡ︾ ᠭᠡᠰᠡᠨ | ᠤᠯᠠᠭᠠᠨᠮᠦ᠋ᠴᠢᠷ ᠤᠨ ᠲᠤᠭᠤᠷᠢᠨ ᠲᠤᠭᠯᠠᠯᠳᠠ ᠳᠤ ᠤᠷᠤᠯᠴᠠᠵᠦ᠂ 2022 ᠤᠨ ᠤ 5 ᠳ᠋ᠤᠭᠠᠷ ᠰᠠᠷ᠎ᠠ ᠳᠤ | ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠶᠠᠨ ᠠᠨ ᠳᠤ ᠬᠦᠷᠴᠦ᠂ ︽ᠶᠠᠨ ᠠᠨ ᠤ ᠵᠤᠷᠢᠭ ᠰᠠᠨᠠᠭ᠎ᠠ ᠶᠢ | ᠲᠠᠬᠢᠨ ᠰᠤᠷᠤᠯᠴᠠᠵᠦ᠂ ᠬᠤᠪᠢᠰᠬᠠᠯᠲᠤ ᠤᠯᠠᠮᠵᠢᠯᠠᠯ ᠢᠶᠠᠨ ᠤᠯᠠᠮᠵᠢᠯᠠᠨ ᠪᠠᠳᠤᠳᠬᠠᠶ᠎ᠠ︾ ᠭᠡᠰᠡᠨ ᠤᠳᠬ᠎ᠠ ᠤᠷᠠᠯᠢᠭ | ᠤᠨ ᠰᠤᠯᠢᠯᠴᠠᠭ᠎ᠠ ᠪᠠ ᠲᠤᠭᠯᠠᠯᠳᠠ ᠶᠢᠨ ᠠᠵᠢᠯᠯᠠᠭ᠎ᠠ ᠳᠤ ᠤᠷᠤᠯᠴᠠᠵᠠᠢ᠃ ᠰᠦᠨᠢᠳ ᠪᠠᠷᠠᠭᠤᠨ ᠬᠤᠰᠢᠭᠤᠨ ᠤ | ᠤᠯᠠᠭᠠᠨᠮᠦ᠋ᠴᠢᠷ ᠪᠠᠰᠠ ᠤᠷᠢᠳ ᠬᠤᠵᠢᠳ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠦᠷᠦ ᠶᠢᠨ | ᠠᠵᠢᠯ ᠤᠨ ᠭᠠᠵᠠᠷ ᠤᠨ ᠲᠠᠭᠤᠤ ᠪᠦᠵᠢᠭ ᠤᠨ ᠪᠦᠯᠬᠦᠮ᠂ ᠲᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠡᠯ | ᠺᠤᠮᠫᠠᠨᠢ ᠶᠢᠨ ᠶᠢᠨ ᠹᠧᠩ ᠠᠶᠠᠯᠠᠯ ᠤᠨ ᠦᠢᠯᠡᠴᠢᠯᠡᠭᠡᠨ ᠤ ᠲᠤᠭᠤᠶᠢᠯᠠᠩ᠂ ᠲᠦᠪ ᠤᠨ ᠷᠠᠳᠢᠤ᠋ ᠲᠧᠯᠸᠢᠰ ᠤᠨ | ᠶᠡᠷᠦᠩᠬᠡᠢ ᠬᠤᠷᠢᠶᠠᠨ ᠤ ᠰᠤᠨᠢᠨ ᠮᠡᠳᠡᠭᠡᠨ ᠤ ᠲᠦᠪ ᠭᠠᠵᠠᠷ ᠵᠡᠷᠭᠡ ᠪᠦᠯᠬᠦᠮ ᠨᠢᠭᠡᠴᠡ ᠲᠠᠢ ᠲᠤᠰ ᠲᠤᠰ ᠨᠠᠮ ᠤᠨ | ᠡᠳᠦᠷᠯᠢᠭ ᠤᠨ ᠠᠵᠢᠯᠯᠠᠭ᠎ᠠ ᠪᠠ ᠰᠤᠯᠢᠯᠴᠠᠭ᠎ᠠ ᠬᠢᠵᠦ ᠲᠤᠭᠯᠠᠯᠳᠠ ᠭᠠᠷᠭᠠᠬᠤ ᠠᠵᠢᠯᠯᠠᠭ᠎ᠠ ᠦᠷᠨᠢᠬᠦᠯᠵᠠᠢ᠃ | ᠠᠷᠠᠳ ᠤᠨ ᠡᠳᠤᠷ ᠤᠨ ᠰᠤᠨᠢᠨ᠂ ᠰᠢᠨᠬᠤᠸᠠ ᠬᠤᠷᠢᠶ᠎ᠠ᠂ ᠲᠦᠪ ᠤᠨ ᠷᠠᠳᠢᠤ᠋ ᠲᠧᠯᠸᠢᠰ ᠤᠨ ᠶᠡᠷᠦᠩᠬᠡᠢ ᠬᠤᠷᠢᠶ᠎ᠠ᠂ | ᠭᠤᠸᠠᠩᠮᠢᠩ ᠡᠳᠤᠷ ᠤᠨ ᠰᠤᠨᠢᠨ ᠵᠡᠷᠭᠡ ᠭᠤᠤᠯ ᠪᠤᠯᠬᠤ ᠬᠡᠪᠯᠡᠯ ᠮᠡᠳᠡᠭᠡᠯᠡᠯ ᠰᠦᠨᠢᠳ ᠪᠠᠷᠠᠭᠤᠨ ᠬᠤᠰᠢᠭᠤᠨ ᠤ | ᠤᠯᠠᠭᠠᠨᠮᠦ᠋ᠴᠢᠷ ᠤᠨ ᠲᠤᠬᠠᠢ ᠲᠤᠰᠬᠠᠢ ᠪᠤᠯᠤᠩ ᠬᠡᠪᠯᠡᠯ᠂ ᠲᠤᠰᠬᠠᠢ ᠳ᠋ᠤᠭᠠᠷ᠂ ᠲᠤᠰᠬᠠᠢ ᠨᠡᠪᠲᠡᠷᠡᠬᠦᠯᠭᠡ ᠪᠠᠷ | ᠮᠡᠳᠡᠭᠡᠯᠡᠭᠰᠡᠨ ᠪᠠᠶᠢᠨ᠎ᠠ᠃ | 2017 ᠤᠨ ᠠᠴᠠ ᠨᠠᠭᠠᠰᠢ᠂ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ 600 ᠭᠠᠷᠤᠢ | ᠤᠳᠠᠭᠠᠨ ᠤ ᠲᠤᠭᠯᠠᠯᠳᠠ ᠭᠠᠷᠭᠠᠵᠦ᠂ ᠦᠨᠳᠦᠰᠦᠨ ᠱᠠᠳᠤᠨ ᠳᠤ 400 ᠭᠠᠷᠤᠢ ᠤᠳᠠᠭᠠᠨ ᠤ ᠲᠤᠭᠯᠠᠯᠳᠠ᠂ ᠬᠤᠳᠠ | ᠪᠠᠯᠭᠠᠰᠤ ᠪᠠᠷ 200 ᠤᠷᠴᠢᠮ ᠤᠳᠠᠭᠠᠨ ᠤ ᠲᠤᠭᠯᠠᠯᠳᠠ ᠭᠠᠷᠭᠠᠵᠦ᠂ ᠤᠯᠤᠰ ᠤᠨ ᠭᠠᠳᠠᠭᠠᠳᠤ ᠳᠤ 4 ᠤᠳᠠᠭᠠᠨ ᠤ | ᠲᠤᠭᠯᠠᠯᠳᠠ ᠭᠠᠷᠭᠠᠭᠰᠠᠨ ᠪᠠᠶᠢᠨ᠎ᠠ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠤᠯᠠᠭᠠᠨᠮᠦ᠋ᠴᠢᠷ ᠤᠨ ᠬᠠᠮᠳᠤ ᠤᠯᠠᠨ ᠢ | ᠵᠤᠷᠢᠭᠵᠢᠭᠤᠯᠵᠦ᠂ ᠤᠯᠠᠭᠠᠨᠮᠦ᠋ᠴᠢᠷ ᠤᠨ ᠬᠠᠮᠳᠤ ᠤᠯᠠᠨ ᠴᠦ ᠢᠳᠡᠭᠡᠯ ᠲᠡᠬᠦᠯᠳᠡᠷ᠂ ᠴᠢᠩ ᠦᠨᠡᠨᠴᠢ ᠪᠠᠷ | ᠰᠢᠭᠤᠷᠬᠠᠶᠢᠯᠠᠨ ᠠᠵᠢᠯᠯᠠᠵᠦ ᠪᠠᠶᠢᠨ᠎ᠠ᠃ ᠤᠨᠴᠠᠭᠠᠶᠢᠯᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠭᠡᠯ ᠳᠤ | ᠲᠤᠷᠠᠳᠤᠭᠰᠠᠨ ︽ᠰᠤᠶᠤᠯ ᠤᠨ ᠢᠳᠡᠭᠡᠯ ᠢᠶᠠᠨ ᠪᠠᠳᠤᠳᠬᠠᠵᠦ ᠪᠡᠶ᠎ᠡ ᠪᠠᠨ ᠲᠠᠭᠠᠭᠠᠵᠦ ᠬᠦᠴᠦᠷᠭᠡᠭᠵᠢᠬᠦ︾ ᠭᠡᠰᠡᠨ | ᠲᠤᠷᠠᠳᠤᠯᠭ᠎ᠠ ᠨᠢ ᠤᠯᠠᠭᠠᠨᠮᠦ᠋ᠴᠢᠷ ᠤᠨ ᠬᠤᠶᠢᠰᠢᠳᠠ ᠶᠢᠨ ᠵᠤᠬᠢᠶᠠᠨ ᠪᠦᠳᠦᠭᠡᠯᠭᠡ ᠪᠠ ᠲᠤᠭᠯᠠᠯᠳᠠ ᠶᠢᠨ | ᠦᠢᠯᠡᠴᠢᠯᠡᠭᠡ ᠳᠤ ᠴᠢᠭᠯᠡᠯ ᠢ ᠨᠡᠩ ᠲᠤᠳᠤᠷᠬᠠᠢ ᠵᠢᠭᠠᠨ ᠦᠭᠴᠠᠢ᠃ ᠰᠦᠨᠢᠳ ᠪᠠᠷᠠᠭᠤᠨ ᠬᠤᠰᠢᠭᠤᠨ ᠤ | ᠤᠯᠠᠭᠠᠨᠮᠦ᠋ᠴᠢᠷ ᠤᠨ ᠬᠠᠮᠳᠤ ᠤᠯᠠᠨ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠵᠠᠬᠢᠶ᠎ᠠ | ᠨᠠᠶᠢᠳᠠᠯᠭ᠎ᠠ ᠶᠢ ᠪᠠᠳᠤ ᠴᠡᠭᠡᠵᠢᠯᠡᠵᠦ᠂ ᠪᠤᠳᠠᠲᠠᠢ ᠦᠢᠯᠡ ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠶᠢᠨ | ᠤᠯᠠᠭᠠᠨᠮᠦ᠋ᠴᠢᠷ ᠲᠤ ᠢᠯᠡᠭᠡᠭᠰᠡᠨ ᠬᠠᠷᠢᠭᠤ ᠵᠠᠬᠢᠳᠠᠯ ᠤᠨ ᠵᠤᠷᠢᠭ ᠰᠠᠨᠠᠭ᠎ᠠ ᠶᠢ ᠦᠢᠯᠡᠳᠦᠯᠭᠡᠵᠢᠬᠦᠯᠵᠦ ᠪᠠᠶᠢᠨ᠎ᠠ᠃ | ᠡᠬᠦᠨ ᠤ ᠬᠠᠮᠳᠤ᠂ ᠤᠯᠠᠭᠠᠨᠮᠦ᠋ᠴᠢᠷ ᠤᠨ ᠬᠢᠨ ᠪᠠᠰᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ | ᠰᠤᠷᠤᠯᠴᠠᠨ ᠤᠬᠠᠭᠤᠯᠵᠦ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠤᠶᠢᠰᠢᠳᠠ ᠶᠢᠨ ᠠᠵᠢᠯ ᠤᠨ ᠲᠤᠮᠳᠠᠬᠢ | ᠴᠢᠬᠤᠯᠠ ᠡᠬᠦᠷᠭᠡ ᠪᠠᠨ ᠪᠤᠯᠭᠠᠵᠦ᠂ ᠨᠥᠯᠦᠭᠡᠯᠡᠬᠦ ᠬᠦᠴᠤᠨ ᠲᠠᠢ᠂ ᠤᠷᠢᠶᠠᠯᠠᠨ ᠲᠠᠶᠢᠴᠢᠯᠠᠬᠤ ᠬᠦᠴᠤᠨ ᠲᠠᠢ ᠨᠡᠩ | ᠤᠯᠠᠨ ᠰᠢᠯᠢᠳᠡᠭ ᠪᠦᠳᠦᠭᠡᠯ ᠢ ᠵᠤᠬᠢᠶᠠᠨ ᠪᠦᠳᠦᠭᠡᠵᠦ᠂ ᠰᠤᠶᠤᠯ ᠤᠨ ᠢᠳᠡᠭᠡᠯ ᠢᠶᠠᠨ ᠪᠠᠳᠤᠳᠬᠠᠨ ᠪᠡᠶ᠎ᠡ ᠪᠠᠨ | ᠲᠠᠭᠠᠭᠠᠵᠦ ᠬᠦᠴᠦᠷᠭᠡᠭᠵᠢᠬᠦ ᠶᠢ ᠠᠬᠢᠭᠤᠯᠵᠦ᠂ ᠨᠡᠶᠢᠬᠡᠮ ᠵᠢᠷᠤᠮᠳᠤ ᠰᠤᠶᠤᠯ ᠤᠨ ᠰᠢᠨ᠎ᠡ ᠬᠢᠯᠠᠯᠵᠠᠭᠰᠠᠨ ᠠᠮᠵᠢᠯᠳᠠ ᠶᠢ | ᠪᠠᠶᠢᠭᠤᠯᠬᠤ ᠳᠤ ᠬᠦᠴᠤᠨ ᠵᠢᠳᠬᠦᠯ ᠢᠶᠠᠨ ᠭᠠᠷᠭᠠᠬᠤ ᠪᠠᠷ ᠴᠢᠷᠮᠠᠶᠢᠨ ᠠᠵᠢᠯᠯᠠᠵᠦ ᠪᠠᠶᠢᠨ᠎ᠠ᠃ | | | | | | | | | | | | | | | | | | | | | | | | | | | |