ᠤᠤᠭᠠᠨ ᠤᠯᠠᠭᠠᠨᠮᠦ᠋ᠴᠢᠷ ᠮᠠᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠪᠠ
ᠨᠡᠶᠢᠲᠡᠯᠡᠭᠰᠡᠨ ᠴᠠᠭ᠄
2022/11/21
     ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠦ᠂ ᠬᠤᠷᠠᠯ ᠤᠨ ᠵᠤᠷᠢᠭ ᠰᠠᠨᠠᠭ᠎ᠠ ᠶᠢ ᠦᠨᠳᠦᠰᠦᠨ ᠱᠠᠳᠤᠨ ᠳᠤ ᠬᠦᠷᠳᠡᠯ᠎ᠡ ᠤᠬᠠᠭᠤᠯᠤᠨ ᠲᠠᠶᠢᠯᠪᠤᠷᠢᠯᠡᠵᠦ ᠨᠠᠶᠢᠳᠠᠪᠤᠷᠢᠵᠢᠭᠤᠯᠬᠤ ᠶᠢᠨ ᠲᠦᠯᠦᠭᠡ᠂ ᠦᠪᠤᠷ ᠮᠤᠩᠭᠤᠯ ᠤᠨ ᠰᠢᠯᠢ ᠶᠢᠨ ᠭᠤᠤᠯ ᠠᠶᠢᠮᠠᠭ ᠤᠨ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠬᠢᠨ 11 ᠳ᠋ᠤᠭᠡᠷ ᠰᠠᠷ᠎ᠠ ᠶᠢᠨ 3᠎ ᠤ ᠡᠳᠤᠷ ᠠᠴᠠ ᠡᠬᠢᠯᠡᠨ᠂ ᠬᠢᠵᠢᠭ ᠠᠴᠠ ᠰᠡᠷᠭᠡᠶᠢᠯᠡᠬᠦ ᠠᠵᠢᠯ ᠢ ᠰᠠᠶᠢᠳᠤᠷ ᠬᠢᠭᠰᠡᠨ ᠤᠷᠢᠳᠠᠯ ᠳᠤ ᠲᠤᠰ ᠬᠤᠰᠢᠭᠤᠨ ᠤ ᠪᠠᠨ ᠠᠴᠠᠲᠦᠠᠠᠭᠤᠯᠠ ᠰᠤᠮᠤ᠂ ᠡᠷᠢᠶᠠᠨᠨᠠᠭᠤᠷ ᠰᠤᠮᠤ᠂ ᠵᠢᠷᠦᠭᠡ ᠪᠠᠯᠭᠠᠰᠤ ᠵᠡᠷᠭᠡ ᠭᠠᠵᠠᠷ ᠢᠶᠠᠷ ᠬᠦᠷᠴᠦ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠦ ᠤᠬᠠᠭᠤᠯᠤᠨ ᠲᠤᠤᠱᠯᠠᠭᠤᠯᠬᠤ︾ ᠲᠤᠭᠯᠠᠯᠳᠠ ᠶᠢᠨ ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃      ᠠᠵᠢᠯᠯᠠᠭ᠎ᠠ ᠨᠢ ︽ᠤᠨᠤᠯ ᠤᠨ ᠤᠬᠠᠭᠤᠯᠭ᠎ᠠ ᠪᠠ ᠤᠷᠠᠨ ᠰᠠᠶᠢᠬᠠᠨ ᠤ ᠲᠤᠭᠯᠠᠯᠳᠠ ᠶᠢ ᠤᠶᠠᠯᠳᠤᠭᠤᠯᠬᠤ︾ ᠭᠡᠯᠪᠡᠷᠢ ᠪᠠᠷ ᠶᠠᠪᠤᠭᠳᠠᠵᠦ᠂ ᠮᠠᠯᠴᠢᠨ ᠲᠠᠷᠢᠶᠠᠴᠢᠨ ᠲᠦᠮᠡᠨ ᠤ ᠪᠠᠨ ᠲᠤᠮᠳᠠ ᠦᠨᠡᠨᠬᠦ ᠬᠦᠨᠵᠡᠭᠡᠶᠢᠷᠡᠵᠦ᠂ ᠤᠷᠠᠨ ᠰᠠᠶᠢᠬᠠᠨ ᠤ ᠲᠤᠭᠯᠠᠯᠳᠠ ᠪᠠᠷ ᠢᠶᠠᠨ ᠦᠪᠡᠳᠡᠭᠰᠢ ᠬᠤᠷᠠᠯ ᠤᠨ ᠵᠤᠷᠢᠭ ᠰᠠᠨᠠᠭ᠎ᠠ ᠶᠢ ᠠᠮᠢᠳᠤᠯᠢᠭ ᠪᠤᠳᠠᠲᠠᠢ ᠪᠠᠷ ᠤᠬᠠᠭᠤᠯᠵᠦ᠂ ᠦᠷᠭᠡᠨ ᠲᠦᠮᠡᠨ ᠤ ᠪᠠᠨ ᠤᠷᠮ᠎ᠠ ᠵᠤᠷᠢᠭ ᠢ ᠬᠦᠪᠴᠢᠯᠡᠭᠰᠡᠨ ᠪᠠᠶᠢᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠬᠠᠷᠢᠭᠤ ᠵᠠᠬᠢᠳᠠᠯ ᠢ ᠲᠤᠰᠤᠭᠰᠠᠨ ᠤᠯᠠᠭᠠᠨᠮᠦ᠋ᠴᠢᠷ ᠤᠨ ᠲᠤᠭᠯᠠᠭᠴᠢᠳ ᠤᠨ ᠠᠵᠢᠯ ᠤᠨ ᠡᠷᠴᠢᠮ ᠢ ᠤᠯᠠᠮ ᠴᠢᠩᠭᠠᠷᠠᠭᠤᠯᠵᠦ᠂ ᠢᠳᠡᠭᠡᠯ ᠵᠤᠷᠢᠭ ᠢ ᠨᠢ ᠪᠠᠳᠤᠳᠬᠠᠵᠦ᠂ ᠤᠷᠤᠭᠰᠢᠯᠠᠨ ᠲᠡᠪᠰᠢᠬᠦ ᠢᠷᠡᠭᠡᠳᠤᠢ ᠶᠢᠨ ᠵᠠᠮ ᠳᠤᠨᠢ ᠴᠢᠭᠯᠡᠯ ᠢ ᠵᠢᠭᠠᠵᠦ᠂ ᠡᠷᠴᠢ ᠬᠦᠴᠤᠨ ᠨᠡᠮᠡᠷᠢᠯᠡᠭᠰᠡᠨ ᠪᠠᠶᠢᠨ᠎ᠠ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号