ᠤᠤᠭᠠᠨ ᠤᠯᠠᠭᠠᠨᠮᠦ᠋ᠴᠢᠷ ᠤᠨ ᠡᠨᠡ ᠲᠠᠪᠤᠨ ᠵᠢᠯ — ᠵᠤᠷᠢᠭ ᠢ ᠬᠦᠪᠴᠢᠯᠡᠵᠦ  ᠴᠢᠭᠯᠡᠯ ᠢ ᠵᠢᠭᠠᠭᠰᠠᠨ ᠨᠠᠨᠳᠢᠨ ᠵᠠᠬᠢᠶ᠎ᠠ
ᠨᠡᠶᠢᠲᠡᠯᠡᠭᠰᠡᠨ ᠴᠠᠭ᠄
2022/11/21
     2017 ᠤᠨ ᠨᠢ ᠦᠪᠤᠷ ᠮᠤᠩᠭᠤᠯ ᠤᠨ ᠰᠢᠯᠢ ᠶᠢᠨ ᠭᠤᠤᠯ ᠠᠶᠢᠮᠠᠭ ᠤᠨ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠲᠤ ᠠᠪᠴᠦ ᠬᠡᠯᠡᠪᠡᠯ ᠤᠨᠴᠠᠭᠠᠢ ᠪᠦᠭᠡᠳ ᠴᠢᠬᠤᠯᠠ ᠶᠡᠭᠡ ᠠᠴᠢ ᠬᠤᠯᠪᠤᠭᠳᠠᠯ ᠲᠠᠢ ᠵᠢᠯ ᠪᠤᠯᠤᠨ᠎ᠠ᠃ 2017 ᠤᠨ ᠳᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ ᠤ 70 ᠵᠢᠯ ᠤᠨ ᠤᠢ᠂ ᠤᠯᠠᠭᠠᠨᠮᠦ᠋ᠴᠢᠷ ᠪᠠᠶᠢᠭᠤᠯᠤᠭᠳᠠᠭᠰᠠᠨ ᠤ 60 ᠵᠢᠯ ᠤᠨ ᠤᠢ ᠲᠤᠬᠢᠶᠠᠭᠰᠠᠨ ᠶᠤᠮ᠃ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠨᠢ ᠪᠥᠬᠦ ᠤᠯᠤᠰ ᠤᠨ ᠤᠤᠭᠠᠨ ᠤᠯᠠᠭᠠᠨᠮᠦ᠋ᠴᠢᠷ ᠪᠤᠯᠤᠭᠰᠠᠨ ᠤ ᠬᠤᠪᠢ ᠳᠤ᠂ ᠤᠯᠠᠭᠠᠨᠮᠦ᠋ᠴᠢᠷ ᠪᠠᠶᠢᠭᠤᠯᠤᠭᠳᠠᠭᠰᠠᠨ 60 ᠵᠢᠯ ᠤᠨ ᠲᠤᠷᠰᠢᠬᠢ ᠦᠷᠨᠢᠯ ᠬᠦᠭᠵᠢᠯ ᠪᠠ ᠠᠬᠢᠯᠳᠠ ᠲᠡᠪᠰᠢᠯᠳᠠ ᠪᠠᠨ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠢᠶᠠᠷ ᠬᠠᠷᠢᠭᠤ ᠮᠡᠳᠡᠬᠦᠯᠦᠭᠰᠡᠨ ᠶᠤᠮ᠃      ᠥᠨᠤᠳᠤᠷ ᠠᠴᠠ ᠲᠠᠪᠤᠨ ᠵᠢᠯ ᠤᠨ ᠡᠮᠦᠨᠡᠬᠢ 2017 ᠤᠨ ᠤ 11 ᠳ᠋ᠦ᠋ᠭᠡᠷ ᠰᠠᠷ᠎ᠠ ᠶᠢᠨ 21 ᠤ ᠡᠳᠤᠷ ᠪᠤᠯ ᠮᠠᠷᠳᠠᠭᠳᠠᠰᠢ ᠦᠬᠡᠢ ᠨᠢᠭᠡᠨ ᠡᠳᠤᠷ ᠪᠠᠶᠢᠯ᠎ᠠ᠂ ᠶᠠᠭ ᠡᠨᠡ ᠡᠳᠤᠷ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠬᠠᠶᠢᠷ᠎ᠠ ᠬᠠᠯᠠᠮᠵᠢ ᠪᠢᠯᠬᠠᠭᠰᠠᠨ ᠬᠠᠷᠢᠭᠤ ᠵᠠᠬᠢᠳᠠᠯ ᠢ ᠲᠤᠰᠴᠦ᠂ ᠶᠡᠷᠦᠩᠬᠡᠢ ᠱᠦᠵᠢ ᠬᠠᠷᠢᠭᠤ ᠵᠠᠬᠢᠳᠠᠯ ᠳᠠᠭᠠᠨ ᠤᠯᠠᠭᠠᠨᠮᠦ᠋ᠴᠢᠷ ᠤᠨ ᠠᠵᠢᠯ ᠢ ᠬᠦᠢᠴᠡᠳ ᠨᠤᠳᠠᠯᠠᠵᠦ᠂ ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠠᠨ ᠲᠠᠯᠪᠢᠭᠰᠠᠨ ᠶᠤᠮ᠃ ᠬᠠᠷᠢᠭᠤ ᠵᠠᠬᠢᠳᠠᠯ ᠨᠢ ᠤᠯᠠᠭᠠᠨᠮᠦ᠋ᠴᠢᠷ ᠤᠨ ᠬᠠᠮᠳᠤ ᠤᠯᠠᠨ ᠢ ᠶᠡᠬᠡᠪᠡᠷ ᠵᠤᠷᠢᠭᠵᠢᠭᠤᠯᠵᠦ᠂ ᠪᠥᠬᠦ ᠰᠡᠳᠬᠢᠯ ᠪᠥᠬᠦ ᠵᠤᠷᠢᠭ ᠢᠶᠠᠷ ᠢᠶᠠᠨ ᠠᠷᠠᠳ ᠲᠦᠮᠡᠨ ᠳᠡᠭᠡᠨ ᠦᠢᠯᠡᠴᠢᠯᠡᠬᠦ ᠢᠳᠡᠭᠡᠯ ᠵᠤᠷᠢᠭ ᠢ ᠨᠢ ᠬᠦᠪᠴᠢᠯᠡᠭᠰᠡᠨ ᠪᠠᠶᠢᠨ᠎ᠠ᠃ ᠤᠯᠠᠭᠠᠨᠮᠦ᠋ᠴᠢᠷ ᠤᠨ ᠲᠤᠭᠯᠠᠭᠴᠢᠳ ᠬᠠᠷᠢᠭᠤ ᠵᠠᠬᠢᠳᠠᠯ ᠢ ᠲᠤᠰᠤᠭᠰᠠᠨ ᠲᠠᠷᠤᠢ ᠳᠠᠭᠠᠨ ᠬᠤᠯᠪᠤᠭ᠎ᠠ ︽ᠲᠦᠷᠦᠭᠡᠨ ᠳᠤ ᠲᠤᠰᠤᠭᠠᠭᠰᠠᠨ ᠰᠦ ︾᠂ ᠲᠠᠭᠤᠤ ︽ᠨᠠᠨᠳᠢᠨ ᠵᠠᠬᠢᠶ᠎ᠠ︾᠂ ᠪᠦᠵᠢᠭ ︽ᠮᠠᠨ ᠤ ᠤᠯᠠᠭᠠᠨᠮᠦ᠋ᠴᠢᠷ︾ ᠵᠡᠷᠭᠡ ᠤᠷᠠᠨ ᠰᠠᠶᠢᠬᠠᠨ ᠤ ᠪᠦᠳᠦᠭᠡᠯ ᠢ ᠵᠤᠬᠢᠶᠠᠨ ᠪᠦᠳᠦᠭᠡᠵᠠᠢ᠃ ᠡᠨᠡ ᠴᠠᠭ ᠮᠦᠴᠡ ᠠᠴᠠ ᠡᠬᠢᠯᠡᠨ ᠤᠯᠠᠭᠠᠨᠮᠦ᠋ᠴᠢᠷ ᠤᠨ ᠲᠤᠭᠯᠠᠭᠴᠢᠳ ᠴᠦ ᠠᠵᠢᠯ ᠤᠨ ᠲᠤᠮᠳᠠ ᠪᠠᠨ ᠬᠠᠷᠢᠭᠤ ᠵᠠᠬᠢᠳᠠᠯ ᠤᠨ ᠵᠤᠷᠢᠭ ᠰᠠᠨᠠᠭ᠎ᠠ ᠶᠢ ᠲᠠᠰᠤᠷᠠᠯᠳᠠ ᠦᠬᠡᠢ ᠰᠤᠷᠤᠯᠴᠠᠵᠦ᠂ ᠠᠵᠢᠯ ᠢᠶᠠᠨ ᠵᠢᠯᠤᠭᠤᠳᠤᠭᠤᠯᠵᠦ ᠢᠷᠡᠭᠰᠡᠨ ᠪᠠᠶᠢᠨ᠎ᠠ᠃      ᠶᠡᠷᠦᠩᠬᠡᠢ ᠱᠦᠵᠢ ᠰᠢ ᠶᠢᠨ ᠫᠢᠩ ᠬᠠᠷᠢᠭᠤ ᠵᠠᠬᠢᠳᠠᠯ ᠳᠠᠭᠠᠨ ᠵᠢᠭᠠᠬᠤ ᠳᠠᠭᠠᠨ᠄ ︽ᠤᠯᠠᠭᠠᠨᠮᠦ᠋ᠴᠢᠷ ᠪᠤᠯ ᠪᠥᠬᠦ ᠤᠯᠤᠰ ᠤᠨ ᠤᠳᠬ᠎ᠠ ᠤᠷᠠᠯᠢᠭ ᠤᠨ ᠹᠷᠤᠨᠲ ᠤᠨ ᠨᠢᠭᠡᠨ ᠲᠤᠭ ᠮᠦᠨ᠂ ᠬᠠᠮᠤᠭ ᠠᠩᠬᠠᠨ ᠤ ᠤᠯᠠᠭᠠᠨᠮᠦ᠋ᠴᠢᠷ ᠲᠠᠨᠠᠷ ᠤᠨ ᠨᠤᠳᠤᠭ ᠲᠤ ᠮᠡᠨᠳᠤᠯᠡᠵᠠᠢ᠃ 60 ᠵᠢᠯ ᠤᠨ ᠲᠤᠷᠰᠢ ᠦᠶ᠎ᠡ ᠦᠶ᠎ᠡ ᠶᠢᠨ ᠤᠯᠠᠭᠠᠨᠮᠦ᠋ᠴᠢᠷ ᠤᠨ ᠲᠤᠭᠯᠠᠭᠴᠢᠳ ᠰᠠᠯᠬᠢ ᠰᠢᠭᠤᠷᠭ᠎ᠠ ᠶᠢ ᠰᠦᠷᠴᠦ᠂ ᠬᠦᠢᠳᠡᠨ ᠬᠠᠯᠠᠭᠤᠨ ᠢ ᠦᠯᠦ ᠬᠠᠶᠢᠬᠤᠷᠤᠨ᠂ ᠤᠷᠳᠤ ᠬᠤᠭᠤᠴᠠᠭ᠎ᠠ ᠪᠠᠷ ᠭᠤᠪᠢ ᠨᠤᠳᠤᠭ ᠬᠦᠳᠡᠭᠡ ᠲᠠᠯ᠎ᠠ ᠶᠢ ᠲᠤᠭᠤᠯᠵᠦ᠂ ᠬᠦᠬᠡ ᠲᠡᠭᠷᠢ ᠪᠠᠷ ᠬᠦᠰᠢᠭᠡ ᠪᠠᠨ ᠪᠤᠯᠭᠠᠨ᠂ ᠬᠦᠷᠦᠰᠦᠳᠤ ᠲᠠᠯ᠎ᠠ ᠪᠠᠷ ᠲᠠᠶᠢᠰᠠ ᠪᠠᠨ ᠪᠤᠯᠭᠠᠵᠦ᠂ ᠦᠷᠭᠡᠨ ᠤᠯᠠᠨ ᠮᠠᠯᠴᠢᠳ ᠲᠠᠷᠢᠶᠠᠴᠢᠳ ᠲᠤ ᠪᠠᠶᠠᠷ ᠪᠠᠭ᠋ᠠᠳᠤᠯ ᠪᠠ ᠰᠤᠶᠤᠯ ᠪᠤᠯᠪᠠᠰᠤᠨ ᠢ ᠬᠦᠷᠭᠡᠵᠦ᠂ ᠨᠠᠮ ᠤᠨ ᠬᠦᠰᠡᠯ ᠱᠠᠭᠠᠷᠳᠠᠯᠭ᠎ᠠ ᠪᠤᠯᠤᠨ ᠬᠠᠶᠢᠷ᠎ᠠ ᠬᠠᠯᠠᠮᠵᠢ ᠶᠢ ᠤᠯᠠᠮᠵᠢᠯᠠᠨ ᠲᠠᠮᠵᠢᠭᠤᠯᠤᠭᠰᠠᠭᠠᠷ ᠢᠷᠡᠭᠰᠡᠨ ᠶᠤᠮ ᠁︾ ᠭᠡᠵᠠᠢ᠃      ᠶᠡᠷᠦᠩᠬᠡᠢ ᠱᠦᠵᠢ ᠰᠢ ᠶᠢᠨ ᠫᠢᠩ ᠬᠠᠷᠢᠭᠤ ᠵᠠᠬᠢᠳᠠᠯ ᠳᠠᠭᠠᠨ ᠵᠠᠬᠢᠬᠤ ᠳᠠᠭᠠᠨ᠄ ︽ᠤᠯᠠᠭᠠᠨᠮᠦ᠋ᠴᠢᠷ ᠤᠨ ᠰᠢᠯᠢᠳᠡᠭ ᠰᠤᠷᠳᠠᠯ ᠢᠶᠠᠨ ᠶᠡᠬᠡᠪᠡᠷ ᠪᠠᠳᠠᠷᠠᠭᠤᠯᠵᠦ᠂ ᠠᠮᠢᠳᠤᠷᠠᠯ ᠤᠨ ᠦᠩ ᠰᠢᠮᠡᠯᠢᠭ ᠬᠦᠷᠦᠰᠤᠨ ᠳᠤ ᠦᠨᠳᠦᠰᠦ ᠬᠠᠳᠬᠤᠨ᠂ ᠮᠠᠯᠴᠢᠳ ᠲᠠᠷᠢᠶᠠᠴᠢᠨ ᠲᠦᠮᠡᠨ ᠳᠡᠭᠡᠨ ᠦᠢᠯᠡᠴᠢᠯᠡᠵᠦ᠂ ᠤᠳᠬ᠎ᠠ ᠤᠷᠠᠯᠢᠭ ᠤᠨ ᠡᠬᠦᠳᠦᠯᠳᠡ ᠰᠢᠨᠡᠴᠢᠯᠡᠯᠳᠡ ᠶᠢ ᠠᠬᠢᠭᠤᠯᠵᠦ᠂ ᠤᠯᠠᠨ ᠲᠦᠮᠡᠨ ᠲᠠᠢ ᠨᠡᠩ ᠤᠶᠢᠷᠠᠳᠤᠭᠰᠠᠨ᠂ ᠤᠯᠠᠮᠵᠢᠯᠠᠭᠳᠠᠨ ᠲᠠᠭᠤᠷᠢᠰᠴᠦ᠂ ᠦᠪᠯᠡᠨ ᠬᠠᠳᠠᠭᠠᠯᠠᠭᠳᠠᠬᠤ ᠨᠡᠩ ᠤᠯᠠᠨ ᠰᠢᠯᠢᠳᠡᠭ ᠪᠦᠳᠦᠭᠡᠯ ᠢ ᠵᠤᠬᠢᠶᠠᠨ ᠪᠦᠳᠦᠭᠡᠬᠦ ᠪᠠᠷ ᠴᠢᠷᠮᠠᠶᠢᠵᠦ᠂ ᠦᠨᠢ ᠡᠬᠦᠷᠢᠳᠡ ᠲᠠᠯ᠎ᠠ ᠨᠤᠳᠤᠭ ᠤᠨ ᠬᠤᠪᠢᠰᠬᠠᠯᠳᠤ ᠤᠳᠬ᠎ᠠ ᠤᠷᠠᠯᠢᠭ ᠤᠨ ᠬᠦᠩᠭᠡᠨ ᠮᠤᠷᠢᠳᠤ ᠴᠡᠷᠢᠭ ᠪᠤᠯᠤᠭᠠᠷᠠᠢ︾ ᠭᠡᠰᠡᠨ ᠶᠤᠮ᠃      ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠬᠠᠷᠢᠭᠤ ᠵᠠᠬᠢᠳᠠᠯ ᠢ ᠲᠤᠰᠤᠭᠰᠠᠨ ᠠᠴᠠ ᠨᠠᠭᠠᠰᠢ᠂ ᠤᠯᠤᠰ ᠲᠦᠷᠦ ᠶᠢᠨ ᠪᠠᠶᠢᠭᠤᠯᠤᠯᠳᠠ ᠪᠠᠨ ᠴᠢᠩᠭᠠᠳᠬᠠᠵᠦ᠂ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤᠳᠬᠠᠨ ᠪᠠᠬᠢᠵᠢᠬᠦᠯᠬᠦ ᠪᠠᠷ ᠭᠤᠤᠯ ᠱᠤᠭᠤᠮ ᠪᠤᠯᠭᠠᠵᠦ᠂ ᠶᠡᠷᠦᠩᠬᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠳᠤ ᠦᠭᠬᠦᠭᠰᠡᠨ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠦ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠲᠤᠭᠯᠠᠭᠴᠢᠳ ᠤᠨ ᠤᠯᠤᠰ ᠲᠦᠷᠦ ᠤᠨᠤᠯ ᠤᠨ ᠰᠤᠷᠤᠯᠴᠠᠯᠭ᠎ᠠ ᠶᠢ ᠴᠢᠩᠭᠠᠳᠬᠠᠵᠦ᠂ ᠤᠯᠠᠭᠠᠨᠮᠦ᠋ᠴᠢᠷ ᠤᠨ ᠡᠩᠨᠡᠭᠡᠨ ᠳᠠᠬᠢ ᠨᠠᠮ ᠤᠨ ᠭᠡᠰᠢᠬᠦᠨ ᠤ ᠵᠢᠱᠢᠶᠡᠴᠢ ᠲᠠᠭᠠᠭᠤᠯᠤᠭᠴᠢ ᠶᠢᠨ ᠦᠢᠯᠡᠳᠤᠯ ᠢ ᠬᠦᠢᠴᠡᠳ ᠪᠠᠳᠠᠷᠠᠭᠤᠯᠵᠦ᠂ ᠪᠥᠬᠦ ᠲᠤᠭᠯᠠᠭᠴᠢᠳ ᠤᠨ ᠦᠵᠡᠯ ᠰᠠᠨᠠᠭ᠎ᠠ ᠤᠯᠤᠰ ᠲᠦᠷᠦ ᠶᠢᠨ ᠬᠢᠷᠢ ᠪᠤᠯᠪᠠᠰᠤᠷᠠᠯ ᠪᠥᠬᠦ ᠲᠠᠯ᠎ᠠ ᠪᠠᠷ ᠲᠡᠭᠡᠭᠰᠢᠯᠡᠭᠰᠡᠨ ᠪᠠᠶᠢᠨ᠎ᠠ᠃      ᠲᠠᠪᠤᠨ ᠵᠢᠯ ᠤᠨ ᠲᠤᠷᠰᠢ᠂ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠬᠢᠨ ᠰᠠᠭᠤᠷᠢ ᠪᠦᠳᠦᠭᠡᠨ ᠪᠠᠶᠢᠭᠤᠯᠤᠯᠳᠠ ᠪᠠᠨ ᠴᠢᠩᠭᠠᠳᠬᠠᠵᠦ᠂ ᠠᠯᠢ ᠤᠯᠠᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠡᠬᠢᠯᠡᠬᠦᠯᠦᠨ ᠬᠡᠷᠡᠭᠵᠢᠬᠦᠯᠦᠭᠰᠡᠨ ᠪᠠᠶᠢᠨ᠎ᠠ᠃ ᠲᠠᠪᠤᠨ ᠵᠢᠯ ᠤᠨ ᠲᠤᠷᠰᠢ᠂ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠨᠢ ᠤᠯᠠᠭᠠᠨᠮᠦ᠋ᠴᠢᠷ ᠤᠨ ᠰᠢᠯᠢᠳᠡᠭ ᠤᠯᠠᠮᠵᠢᠯᠠᠯ ᠢᠶᠠᠨ ᠴᠢᠨᠠᠭᠰᠢᠳᠠ ᠪᠠᠳᠠᠷᠠᠭᠤᠯᠵᠦ᠂ ᠰᠤᠶᠤᠯ ᠤᠨ ᠤᠨᠴᠠᠯᠢᠭ ᠢ ᠲᠤᠪᠤᠶᠢᠯᠭᠠᠵᠦ᠂ ᠤᠷᠤᠨ ᠨᠤᠳᠤᠭ ᠤᠨ ᠤᠨᠴᠠᠯᠢᠭ ᠢᠶᠠᠨ ᠢᠯᠡᠷᠡᠬᠦᠯᠵᠦ᠂ ᠴᠠᠭ ᠦᠶ᠎ᠡ ᠶᠢᠨ ᠱᠠᠭᠠᠷᠳᠠᠯᠭ᠎ᠠ ᠶᠢ ᠲᠤᠳᠤᠷᠬᠠᠶᠢᠯᠠᠵᠦ᠂ ᠠᠵᠢᠯ ᠤᠨ ᠠᠷᠭ᠎ᠠ ᠬᠡᠯᠪᠡᠷᠢ ᠪᠠᠨ ᠪᠦᠷᠢᠨᠰᠢᠬᠦᠯᠵᠦ᠂ ᠦᠢᠯᠡᠴᠢᠯᠡᠭᠡᠨ ᠤ ᠠᠷᠭ᠎ᠠ ᠬᠡᠯᠪᠡᠷᠢ ᠪᠠᠨ ᠰᠢᠯᠢᠳᠡᠭᠵᠢᠬᠦᠯᠵᠦ᠂ ᠤᠯᠠᠭᠠᠨᠮᠦ᠋ᠴᠢᠷ ᠤᠨ ᠬᠦᠭᠵᠢᠯᠳᠡ ᠪᠠᠷ ᠢᠶᠠᠨ ᠰᠢᠨ᠎ᠡ ᠴᠠᠭ ᠦᠶ᠎ᠡ ᠶᠢᠨ ᠠᠷᠠᠳ ᠲᠦᠮᠡᠨ ᠤ ᠡᠳᠤᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠲᠦᠯᠦᠭᠡᠨ ᠤ ᠱᠠᠭᠠᠷᠳᠠᠯᠭ᠎ᠠ ᠶᠢ ᠨᠡᠩ ᠰᠠᠶᠢᠨ ᠬᠠᠩᠭᠠᠭᠰᠠᠨ ᠪᠠᠶᠢᠨ᠎ᠠ᠃      ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ︽ᠪᠥᠬᠦ ᠤᠯᠤᠰ ᠤᠨ ᠲᠤᠯᠤᠳᠤᠭᠠᠷ ᠬᠤᠭᠤᠴᠠᠭᠠᠨ ᠤ ᠮᠠᠯᠴᠢᠳ ᠲᠠᠷᠢᠶᠠᠴᠢᠳ ᠲᠤ ᠦᠢᠯᠡᠴᠢᠯᠡᠨ᠂ ᠦᠨᠳᠦᠰᠦᠨ ᠱᠠᠳᠤᠨ ᠤ ᠰᠤᠶᠤᠯ ᠤᠨ ᠪᠠᠶᠢᠭᠤᠯᠤᠯᠳᠠ ᠳᠤ ᠦᠢᠯᠡᠴᠢᠯᠡᠭᠰᠡᠨ ᠲᠡᠷᠢᠬᠦᠨ ᠤ ᠬᠠᠮᠳᠤ ᠨᠡᠶᠢᠳᠡ︾᠂ ᠪᠥᠬᠦ ᠤᠯᠤᠰ ᠤᠨ ᠵᠠᠯᠠᠭᠤᠴᠤᠳ ᠤᠨ ︽ᠲᠠᠪᠤᠨ ᠰᠠᠷ᠎ᠠ ᠶᠢᠨ ᠲᠦᠷᠪᠡᠨ︾ ᠤ ᠱᠠᠩᠨᠠᠯ ᠤᠨ ᠮᠧᠳᠠᠯ ᠬᠦᠷᠳᠡᠭᠰᠡᠨ ᠬᠠᠮᠳᠤ ᠨᠢᠭᠡᠴᠡ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠭᠡᠯᠳᠡᠰ ᠠᠴᠠ ᠤᠯᠭᠤᠭᠰᠠᠨ ︽ᠤᠮᠠᠷᠠᠳᠤ ᠬᠢᠯᠢ ᠶᠢᠨ ᠵᠢᠱᠢᠶᠡᠴᠢ︾ ᠭᠡᠰᠡᠨ ᠢᠷᠠᠭᠤ ᠠᠯᠳᠠᠷ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠮᠡᠭᠲᠠᠶᠢᠴᠤᠳ ᠤᠨ ᠬᠤᠯᠪᠤᠭᠠᠳᠤ ᠬᠤᠷᠠᠯ ᠠᠴᠠ ᠤᠯᠭᠤᠭᠰᠠᠨ ︽ᠪᠥᠬᠦ ᠤᠷᠤᠨ ᠤ ᠭᠤᠷᠪᠠᠨ ᠰᠠᠷ᠎ᠠ ᠶᠢᠨ ᠨᠡᠢᠮᠠᠨ ᠤ ᠤᠯᠠᠭᠠᠨ ᠲᠤᠭᠴᠢ ᠬᠠᠮᠳᠤ ᠨᠡᠶᠢᠳᠡ︾ ᠭᠡᠰᠡᠨ ᠢᠷᠠᠭᠤ ᠠᠯᠳᠠᠷ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠭᠡᠯᠳᠡᠰ ᠠᠴᠠ ᠤᠯᠭᠤᠭᠰᠠᠨ ︽ᠲᠠᠯ᠎ᠠ ᠨᠤᠳᠤᠭ ᠤᠨ ᠴᠢᠳᠠᠪᠤᠷᠢᠳᠠᠨ︾ ᠭᠡᠰᠡᠨ ᠬᠠᠮᠳᠤ ᠨᠢᠭᠡᠴᠡ ᠶᠢᠨ ᠢᠷᠠᠭᠤ ᠠᠯᠳᠠᠷ᠂ ᠪᠥᠬᠦ ᠤᠯᠤᠰ ᠤᠨ ︽ᠬᠠᠮᠤᠭ ᠤᠨ ᠰᠠᠶᠢᠬᠠᠨ ᠲᠡᠮᠡᠴᠡᠭᠴᠢ︾ ᠲᠡᠷᠢᠬᠦᠨ ᠤ ᠬᠠᠮᠳᠤ ᠨᠡᠶᠢᠳᠡ ᠶᠢᠨ ᠢᠷᠠᠭᠤ ᠠᠯᠳᠠᠷ᠂ ︽ᠪᠥᠬᠦ ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠠᠮᠳᠤ ᠨᠡᠶᠢᠳᠡ︾ ᠭᠡᠰᠡᠨ ᠢᠷᠠᠭᠤ ᠠᠯᠳᠠᠷ᠂ ︽ᠪᠥᠬᠦ ᠤᠯᠤᠰ ᠤᠨ ᠡᠮᠡᠭᠲᠠᠶᠢᠴᠤᠳ ᠤᠨ ᠭᠠᠪᠢᠶ᠎ᠠ ᠪᠠᠶᠢᠭᠤᠯᠤᠭᠰᠠᠨ ᠲᠡᠷᠢᠬᠦᠨ ᠤ ᠬᠠᠮᠳᠤ ᠨᠢᠭᠡᠴᠡ︾ ᠶᠢᠨ ᠢᠷᠠᠭᠤ ᠠᠯᠳᠠᠷ᠂ 2020 ᠤᠨ ᠤ 10 ᠳ᠋ᠤᠭᠠᠷ ᠰᠠᠷ᠎ᠠ ᠳᠤ ᠪᠥᠬᠦ ᠤᠯᠤᠰ ᠤᠨ ᠡᠮᠡᠭᠲᠠᠶᠢᠴᠤᠳ ᠤᠨ ᠬᠤᠯᠪᠤᠭᠠᠳᠤ ᠬᠤᠷᠠᠯ ᠠᠴᠠ ᠤᠯᠭᠤᠭᠰᠠᠨ ︽2019 ᠤᠨ ᠤ ᠪᠥᠬᠦ ᠤᠯᠤᠰ ᠤᠨ ᠭᠤᠷᠪᠠᠨ ᠰᠠᠷ᠎ᠠ ᠶᠢᠨ ᠨᠡᠢᠮᠠᠨ ᠤ ᠤᠯᠠᠭᠠᠨ ᠲᠤᠭᠴᠢ ᠬᠠᠮᠳᠤ ᠨᠡᠶᠢᠳᠡ︾ ᠭᠡᠰᠡᠨ ᠢᠷᠠᠭᠤ ᠠᠯᠳᠠᠷ᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠠᠪᠤᠨ ᠰᠠᠷ᠎ᠠ ᠶᠢᠨ ᠨᠢᠭᠡᠨ ᠤ ᠬᠦᠳᠡᠯᠮᠦᠷᠢ ᠶᠢᠨ ᠱᠠᠩᠨᠠᠯ ᠤᠨ ᠤᠳᠤᠨ ᠬᠦᠷᠳᠡᠭᠰᠡᠨ ᠬᠠᠮᠳᠤ ᠨᠢᠭᠡᠴᠡ︾ ᠭᠡᠰᠡᠨ ᠢᠷᠠᠭᠤ ᠠᠯᠳᠠᠷ ᠵᠡᠷᠭᠡ ᠠᠯᠢ ᠤᠯᠠᠨ ᠢᠷᠠᠭᠤ ᠠᠯᠳᠠᠷ ᠱᠠᠩᠨᠠᠯ ᠬᠦᠬᠢᠬᠦᠯᠦᠯ ᠢ ᠬᠦᠷᠳᠡᠵᠠᠢ᠃      ᠲᠠᠪᠤᠨ ᠵᠢᠯ ᠤᠨ ᠲᠤᠷᠰᠢ᠂ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠨᠢ ᠤᠷᠢᠳ ᠬᠤᠵᠢᠳ ᠤᠯᠤᠰ ᠤᠨ ᠤᠷᠠᠯᠢᠭ ᠤᠨ ᠰᠠᠭᠤᠷᠢ ᠮᠦᠩᠬᠦᠨ ᠤ ᠨᠡᠶᠢᠬᠡᠮᠯᠢᠭ ᠠᠴᠠ ᠪᠡᠯᠡ ᠤᠷᠤᠭᠤᠯᠵᠦ ᠲᠡᠮᠵᠢᠭᠰᠡᠨ ᠲᠦᠷᠦᠯ ᠵᠦᠢᠯ ᠪᠤᠯᠬᠤ ᠮᠤᠩᠭᠤᠯ ᠵᠦᠴᠦᠭᠡ ︽ᠵᠢᠷᠦᠭᠡ ᠶᠢᠨ ᠬᠠᠶᠢᠷ᠎ᠠ︾᠂ ᠭᠤᠤᠯ ᠰᠡᠳᠤᠪᠳᠤ ᠦᠳᠡᠰᠢᠯᠡᠭᠡ ︽ᠨᠢᠭᠡ ᠰᠠᠯᠠᠭ᠎ᠠ ᠬᠦᠩᠭᠡᠨ ᠮᠤᠷᠢᠳᠤ ᠴᠡᠷᠢᠭ ᠠᠳᠡ ᠠᠴᠠ ᠮᠤᠷᠳᠠᠯ᠎ᠠ︾᠂ ︽ᠲᠤᠯᠭᠤᠷ ᠵᠤᠷᠢᠯᠳᠠ ᠡᠬᠦᠷᠭᠡ ᠬᠠᠷᠢᠭᠤᠴᠠᠯᠭ᠎ᠠ ᠪᠠᠨ ᠮᠠᠷᠳᠠᠯ ᠦᠬᠡᠢ ᠬᠠᠶᠢᠷ᠎ᠠ ᠪᠢᠯᠬᠠᠭᠰᠠᠨ ᠲᠠᠯ᠎ᠠ ᠨᠤᠳᠤᠭ ᠠᠴᠠ ᠲᠠᠬᠢᠨ ᠮᠤᠷᠳᠠᠶ᠎ᠠ︾᠂ ︽ᠮᠠᠭᠳᠠᠭᠠᠯ ᠲᠠᠭᠤᠤ ᠪᠠᠨ ᠨᠠᠮ  ᠳᠠᠭᠠᠨ ᠡᠷᠬᠦᠶ᠎ᠡ︾᠂ ᠬᠤᠯᠪᠤᠭ᠎ᠠ ︽ᠲᠦᠷᠦᠭᠡᠨ ᠳᠤ ᠲᠤᠰᠤᠭᠠᠭᠰᠠᠨ ᠰᠦ︾᠂ ᠪᠦᠵᠢᠭ ︽ᠮᠠᠨ ᠤ ᠤᠯᠠᠭᠠᠨᠮᠦ᠋ᠴᠢᠷ︾᠂ ︽ᠶᠡᠷᠦᠩᠬᠡᠢ ᠱᠦᠵᠢ ᠶᠢᠨ ᠬᠠᠷᠢᠭᠤ ᠵᠠᠬᠢᠳᠠᠯ︾᠂ ᠲᠠᠭᠤᠤ ︽ᠨᠠᠨᠳᠢᠨ ᠵᠠᠬᠢᠶ᠎ᠠ︾᠂ ︽ᠮᠠᠨ ᠤ ᠤᠯᠠᠭᠠᠨᠮᠦ᠋ᠴᠢᠷ︾ ᠵᠡᠷᠭᠡ ᠪᠦᠳᠦᠭᠡᠯ ᠢ ᠵᠤᠬᠢᠶᠠᠨ ᠪᠦᠳᠦᠭᠡᠵᠦ᠂ ᠡᠳᠡᠭᠡᠷ ᠤᠳᠬ᠎ᠠ ᠤᠷᠠᠯᠢᠭ ᠤᠨ 60 ᠭᠠᠷᠤᠢ ᠪᠦᠳᠦᠭᠡᠯ ᠨᠢ ᠠᠶᠢᠮᠠᠭ ᠤᠨ ᠱᠠᠳᠤᠨ ᠠᠴᠠ ᠲᠡᠭᠡᠭᠰᠢᠬᠢ ᠡᠬᠦᠳᠤᠨ ᠪᠦᠳᠦᠭᠡᠯᠳᠡ ᠪᠠ ᠲᠤᠭᠯᠠᠯᠳᠠ ᠶᠢᠨ 30 ᠰᠢᠬᠠᠮ ᠲᠦᠷᠦᠯ ᠤᠨ ᠱᠠᠩᠨᠠᠯ ᠬᠦᠬᠢᠬᠦᠯᠦᠯ ᠢ ᠬᠦᠷᠳᠡᠭᠰᠡᠨ ᠪᠠᠶᠢᠨ᠎ᠠ᠃      ᠲᠠᠪᠤᠨ ᠵᠢᠯ ᠤᠨ ᠲᠤᠷᠰᠢ᠂ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠪᠠᠨ ᠲᠡᠭᠡᠭᠰᠢᠯᠡᠬᠦᠯᠬᠦ ᠲᠠᠯ᠎ᠠ ᠪᠠᠷ᠂ ᠡᠩᠨᠡᠭᠡᠨ ᠤ ᠪᠠᠨ ᠤᠨᠴᠠᠯᠢᠭ ᠢ ᠦᠨᠳᠦᠰᠦᠯᠡᠨ᠂ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠯᠠᠭᠠᠨᠮᠦ᠋ᠴᠢᠷ ᠤᠨ ᠲᠦᠷᠢᠮ︾ ᠤᠨ ᠲᠠᠭᠠᠤ ᠡᠯ᠎ᠡ ᠲᠦᠷᠦᠯ ᠤᠨ ᠨᠡᠶᠢᠳᠡ 280 ᠬᠤᠨᠤᠭ ᠤᠨ ᠪᠤᠯᠪᠠᠰᠤᠷᠠᠯ ᠢ ᠡᠷᠬᠢᠯᠡᠭᠰᠡᠨ ᠪᠤᠶᠤ ᠪᠤᠯᠪᠠᠰᠤᠷᠠᠯ ᠳᠤ ᠤᠷᠤᠯᠴᠠᠵᠦ᠂ ᠠᠶᠢᠮᠠᠭ ᠤᠨ ᠱᠠᠳᠤᠨ ᠠᠴᠠ ᠲᠡᠭᠡᠭᠰᠢᠬᠢ 20 ᠭᠠᠷᠤᠢ ᠫᠷᠤᠹᠧᠰᠰᠤᠷ ᠲᠤᠰᠬᠠᠢ ᠮᠡᠷᠭᠡᠵᠢᠯᠳᠡᠨ ᠢ ᠤᠷᠢᠵᠦ ᠲᠤᠳᠤᠭᠠᠳᠤ ᠶᠢᠨ ᠪᠤᠯᠪᠠᠰᠤᠷᠠᠯ ᠢ ᠡᠷᠬᠢᠯᠡᠭᠰᠡᠨ ᠪᠠᠶᠢᠨ᠎ᠠ᠃ ︽ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠤᠷᠠᠯᠢᠭ ᠤᠨ ᠵᠤᠬᠢᠶᠠᠮᠵᠢ ᠴᠤᠭᠯᠠᠭᠤᠯᠬᠤ ᠰᠠᠭᠤᠷᠢᠨ ᠭᠠᠵᠠᠷ ︾ ᠢ ᠪᠠᠶᠢᠭᠤᠯᠵᠦ᠂ ᠤᠯᠠᠭᠠᠨᠮᠦ᠋ᠴᠢᠷ ᠤᠨ ᠵᠤᠬᠢᠶᠠᠨ ᠪᠦᠳᠦᠭᠡᠭᠴᠢᠳ ᠤᠨ ᠤᠷᠠᠯᠢᠭ ᠤᠨ ᠵᠤᠬᠢᠶᠠᠮᠵᠢ ᠴᠤᠭᠯᠠᠭᠤᠯᠬᠤ ᠪᠠ ᠦᠨᠳᠦᠰᠦᠨ ᠱᠠᠳᠤᠨ ᠳᠤ ᠰᠤᠶᠤᠯ ᠤᠷᠠᠯᠢᠭ ᠤᠨ ᠵᠢᠯᠤᠭᠤᠳᠤᠯᠭ᠎ᠠ ᠬᠠᠩᠭᠠᠬᠤ ᠳᠤ ᠠᠰᠢᠭᠲᠠᠢ ᠲᠠᠪᠴᠠᠩ ᠢ ᠬᠠᠩᠭᠠᠭᠰᠠᠨ ᠪᠠᠶᠢᠨ᠎ᠠ᠃      ᠤᠯᠤᠰ ᠤᠨ ᠲᠤᠳᠤᠭᠠᠳᠤ ᠭᠠᠳᠠᠭᠠᠳᠤ ᠳᠤ ᠰᠤᠯᠢᠯᠴᠠᠭ᠎ᠠ ᠬᠢᠵᠦ ᠲᠤᠭᠯᠠᠯᠳᠠ ᠭᠠᠷᠭᠠᠭᠰᠠᠨ ᠲᠠᠯ᠎ᠠ ᠪᠠᠷ᠂ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠨᠢ ᠤᠷᠢᠳ ᠬᠤᠵᠢᠳ ᠤᠯᠤᠰ ᠲᠦᠷᠦ ᠶᠢᠨ ᠵᠦᠪᠯᠡᠯᠭᠡᠨ ᠤ ᠪᠥᠬᠦ ᠤᠯᠤᠰ ᠤᠨ ᠬᠤᠷᠢᠶᠠᠨ ᠤ ᠰᠢᠨ᠎ᠡ ᠵᠢᠯ ᠤᠨ ᠴᠠᠶᠢᠯᠠᠯᠭ᠎ᠠ ᠶᠢᠨ ᠤᠷᠠᠨ ᠰᠠᠶᠢᠬᠠᠨ ᠤ ᠲᠤᠭᠯᠠᠯᠳᠠ᠂ ᠲᠦᠪ ᠤᠨ ᠷᠠᠳᠢᠤ᠋ ᠲᠧᠯᠸᠢᠰ ᠤᠨ ᠬᠤᠷᠢᠶᠠᠨ ᠤ ᠴᠠᠭᠠᠨ ᠰᠠᠷ᠎ᠠ ᠶᠢᠨ ᠦᠳᠡᠰᠢᠯᠡᠭᠡ ᠵᠡᠷᠭᠡ ᠦᠳᠡᠰᠢᠯᠡᠭᠡ ᠲᠤᠭᠯᠠᠯᠳᠠ ᠳᠤ ᠤᠷᠤᠯᠴᠠᠵᠠᠢ᠃ 2019 ᠤᠨ ᠳᠤ ᠲᠤᠤᠺᠢᠤ᠋ ᠳᠤ ᠬᠦᠷᠴᠦ ︽ᠰᠤᠶᠤᠯ ᠢᠷᠭᠡᠨᠰᠢᠯ ᠤᠨ ᠤᠯᠤᠰ ᠤᠨ ᠠᠭᠠᠷ ᠠᠶᠠᠯᠠᠯ ︾ ᠭᠡᠰᠡᠨ ᠲᠤᠮᠳᠠᠳᠤ ᠤᠯᠤᠰ ᠤᠨ ᠤᠯᠤᠰ ᠤᠨ ᠠᠭᠠᠷ ᠠᠶᠠᠯᠠᠯ ᠤᠨ ᠺᠤᠮᠫᠠᠨᠢ ᠶᠢᠨ ᠶᠠᠫᠤᠨ ᠳᠠᠬᠢ ᠰᠤᠯᠢᠯᠴᠠᠭᠠᠨ ᠤ ᠠᠵᠢᠯᠯᠠᠭ᠎ᠠ ᠳᠤ ᠤᠷᠤᠯᠴᠠᠭᠰᠠᠨ ᠪᠠᠶᠢᠨ᠎ᠠ᠃ 2021 ᠤᠨ ᠳᠤ ᠪᠥᠬᠦ ᠤᠯᠤᠰ ᠤᠨ 12 ᠮᠤᠵᠢ ᠬᠤᠳᠠ ᠪᠠᠷ ᠬᠦᠷᠴᠦ ︽ᠨᠠᠨᠳᠢᠨ ᠪᠡᠯᠡᠭ ᠢᠶᠠᠨ ᠨᠠᠮ ᠳᠠᠭᠠᠨ ᠡᠷᠬᠦᠵᠦ᠂ ᠠᠷᠠᠳ ᠲᠦᠮᠡᠨ ᠳᠡᠭᠡᠨ ᠬᠠᠷᠢᠭᠤ ᠮᠡᠳᠡᠬᠦᠯᠦᠶ᠎ᠡ︾ ᠭᠡᠰᠡᠨ ᠤᠯᠠᠭᠠᠨᠮᠦ᠋ᠴᠢᠷ ᠤᠨ ᠲᠤᠭᠤᠷᠢᠨ ᠲᠤᠭᠯᠠᠯᠳᠠ ᠳᠤ ᠤᠷᠤᠯᠴᠠᠵᠦ᠂ 2022 ᠤᠨ ᠤ 5 ᠳ᠋ᠤᠭᠠᠷ ᠰᠠᠷ᠎ᠠ ᠳᠤ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠶᠠᠨ ᠠᠨ ᠳᠤ ᠬᠦᠷᠴᠦ᠂ ︽ᠶᠠᠨ ᠠᠨ ᠤ ᠵᠤᠷᠢᠭ ᠰᠠᠨᠠᠭ᠎ᠠ ᠶᠢ ᠲᠠᠬᠢᠨ ᠰᠤᠷᠤᠯᠴᠠᠵᠦ᠂ ᠬᠤᠪᠢᠰᠬᠠᠯᠲᠤ ᠤᠯᠠᠮᠵᠢᠯᠠᠯ ᠢᠶᠠᠨ ᠤᠯᠠᠮᠵᠢᠯᠠᠨ ᠪᠠᠳᠤᠳᠬᠠᠶ᠎ᠠ︾ ᠭᠡᠰᠡᠨ ᠤᠳᠬ᠎ᠠ ᠤᠷᠠᠯᠢᠭ  ᠤᠨ ᠰᠤᠯᠢᠯᠴᠠᠭ᠎ᠠ ᠪᠠ ᠲᠤᠭᠯᠠᠯᠳᠠ ᠶᠢᠨ ᠠᠵᠢᠯᠯᠠᠭ᠎ᠠ ᠳᠤ ᠤᠷᠤᠯᠴᠠᠵᠠᠢ᠃ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠪᠠᠰᠠ ᠤᠷᠢᠳ ᠬᠤᠵᠢᠳ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠦᠷᠦ ᠶᠢᠨ ᠠᠵᠢᠯ ᠤᠨ ᠭᠠᠵᠠᠷ ᠤᠨ ᠲᠠᠭᠤᠤ ᠪᠦᠵᠢᠭ ᠤᠨ ᠪᠦᠯᠬᠦᠮ᠂ ᠲᠤᠮᠳᠠᠳᠤ ᠤᠯᠤᠰ ᠤᠨ ᠠᠭᠠᠷ ᠠᠶᠠᠯᠠᠯ ᠤᠨ ᠪᠦᠯᠦᠭᠯᠡᠯ ᠺᠤᠮᠫᠠᠨᠢ ᠶᠢᠨ ᠶᠢᠨ ᠹᠧᠩ ᠠᠶᠠᠯᠠᠯ ᠤᠨ ᠦᠢᠯᠡᠴᠢᠯᠡᠭᠡᠨ ᠤ ᠲᠤᠭᠤᠶᠢᠯᠠᠩ᠂ ᠲᠦᠪ ᠤᠨ ᠷᠠᠳᠢᠤ᠋ ᠲᠧᠯᠸᠢᠰ ᠤᠨ ᠶᠡᠷᠦᠩᠬᠡᠢ ᠬᠤᠷᠢᠶᠠᠨ ᠤ ᠰᠤᠨᠢᠨ ᠮᠡᠳᠡᠭᠡᠨ ᠤ ᠲᠦᠪ ᠭᠠᠵᠠᠷ ᠵᠡᠷᠭᠡ ᠪᠦᠯᠬᠦᠮ ᠨᠢᠭᠡᠴᠡ ᠲᠠᠢ ᠲᠤᠰ ᠲᠤᠰ ᠨᠠᠮ ᠤᠨ ᠡᠳᠦᠷᠯᠢᠭ ᠤᠨ ᠠᠵᠢᠯᠯᠠᠭ᠎ᠠ ᠪᠠ ᠰᠤᠯᠢᠯᠴᠠᠭ᠎ᠠ ᠬᠢᠵᠦ ᠲᠤᠭᠯᠠᠯᠳᠠ ᠭᠠᠷᠭᠠᠬᠤ ᠠᠵᠢᠯᠯᠠᠭ᠎ᠠ ᠦᠷᠨᠢᠬᠦᠯᠵᠠᠢ᠃ ᠠᠷᠠᠳ ᠤᠨ ᠡᠳᠤᠷ ᠤᠨ ᠰᠤᠨᠢᠨ᠂ ᠰᠢᠨᠬᠤᠸᠠ ᠬᠤᠷᠢᠶ᠎ᠠ᠂ ᠲᠦᠪ ᠤᠨ ᠷᠠᠳᠢᠤ᠋ ᠲᠧᠯᠸᠢᠰ ᠤᠨ ᠶᠡᠷᠦᠩᠬᠡᠢ ᠬᠤᠷᠢᠶ᠎ᠠ᠂ ᠭᠤᠸᠠᠩᠮᠢᠩ ᠡᠳᠤᠷ ᠤᠨ ᠰᠤᠨᠢᠨ ᠵᠡᠷᠭᠡ ᠭᠤᠤᠯ ᠪᠤᠯᠬᠤ ᠬᠡᠪᠯᠡᠯ ᠮᠡᠳᠡᠭᠡᠯᠡᠯ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠲᠤᠬᠠᠢ ᠲᠤᠰᠬᠠᠢ ᠪᠤᠯᠤᠩ ᠬᠡᠪᠯᠡᠯ᠂ ᠲᠤᠰᠬᠠᠢ ᠳ᠋ᠤᠭᠠᠷ᠂ ᠲᠤᠰᠬᠠᠢ ᠨᠡᠪᠲᠡᠷᠡᠬᠦᠯᠭᠡ ᠪᠠᠷ ᠮᠡᠳᠡᠭᠡᠯᠡᠭᠰᠡᠨ ᠪᠠᠶᠢᠨ᠎ᠠ᠃      2017 ᠤᠨ ᠠᠴᠠ ᠨᠠᠭᠠᠰᠢ᠂ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ 600 ᠭᠠᠷᠤᠢ ᠤᠳᠠᠭᠠᠨ ᠤ ᠲᠤᠭᠯᠠᠯᠳᠠ ᠭᠠᠷᠭᠠᠵᠦ᠂ ᠦᠨᠳᠦᠰᠦᠨ ᠱᠠᠳᠤᠨ ᠳᠤ 400 ᠭᠠᠷᠤᠢ ᠤᠳᠠᠭᠠᠨ ᠤ ᠲᠤᠭᠯᠠᠯᠳᠠ᠂ ᠬᠤᠳᠠ ᠪᠠᠯᠭᠠᠰᠤ ᠪᠠᠷ 200 ᠤᠷᠴᠢᠮ ᠤᠳᠠᠭᠠᠨ ᠤ ᠲᠤᠭᠯᠠᠯᠳᠠ ᠭᠠᠷᠭᠠᠵᠦ᠂ ᠤᠯᠤᠰ ᠤᠨ ᠭᠠᠳᠠᠭᠠᠳᠤ ᠳᠤ 4 ᠤᠳᠠᠭᠠᠨ ᠤ ᠲᠤᠭᠯᠠᠯᠳᠠ ᠭᠠᠷᠭᠠᠭᠰᠠᠨ ᠪᠠᠶᠢᠨ᠎ᠠ᠃      ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠤᠯᠠᠭᠠᠨᠮᠦ᠋ᠴᠢᠷ ᠤᠨ ᠬᠠᠮᠳᠤ ᠤᠯᠠᠨ ᠢ ᠵᠤᠷᠢᠭᠵᠢᠭᠤᠯᠵᠦ᠂ ᠤᠯᠠᠭᠠᠨᠮᠦ᠋ᠴᠢᠷ ᠤᠨ ᠬᠠᠮᠳᠤ ᠤᠯᠠᠨ ᠴᠦ ᠢᠳᠡᠭᠡᠯ ᠲᠡᠬᠦᠯᠳᠡᠷ᠂ ᠴᠢᠩ ᠦᠨᠡᠨᠴᠢ ᠪᠠᠷ ᠰᠢᠭᠤᠷᠬᠠᠶᠢᠯᠠᠨ ᠠᠵᠢᠯᠯᠠᠵᠦ ᠪᠠᠶᠢᠨ᠎ᠠ᠃ ᠤᠨᠴᠠᠭᠠᠶᠢᠯᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠭᠡᠯ ᠳᠤ ᠲᠤᠷᠠᠳᠤᠭᠰᠠᠨ ︽ᠰᠤᠶᠤᠯ ᠤᠨ ᠢᠳᠡᠭᠡᠯ ᠢᠶᠠᠨ ᠪᠠᠳᠤᠳᠬᠠᠵᠦ ᠪᠡᠶ᠎ᠡ ᠪᠠᠨ ᠲᠠᠭᠠᠭᠠᠵᠦ ᠬᠦᠴᠦᠷᠭᠡᠭᠵᠢᠬᠦ︾ ᠭᠡᠰᠡᠨ ᠲᠤᠷᠠᠳᠤᠯᠭ᠎ᠠ ᠨᠢ ᠤᠯᠠᠭᠠᠨᠮᠦ᠋ᠴᠢᠷ ᠤᠨ ᠬᠤᠶᠢᠰᠢᠳᠠ ᠶᠢᠨ ᠵᠤᠬᠢᠶᠠᠨ ᠪᠦᠳᠦᠭᠡᠯᠭᠡ ᠪᠠ ᠲᠤᠭᠯᠠᠯᠳᠠ ᠶᠢᠨ ᠦᠢᠯᠡᠴᠢᠯᠡᠭᠡ ᠳᠤ ᠴᠢᠭᠯᠡᠯ ᠢ ᠨᠡᠩ ᠲᠤᠳᠤᠷᠬᠠᠢ ᠵᠢᠭᠠᠨ ᠦᠭᠴᠠᠢ᠃ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠤᠨ ᠬᠠᠮᠳᠤ ᠤᠯᠠᠨ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠵᠠᠬᠢᠶ᠎ᠠ ᠨᠠᠶᠢᠳᠠᠯᠭ᠎ᠠ ᠶᠢ ᠪᠠᠳᠤ ᠴᠡᠭᠡᠵᠢᠯᠡᠵᠦ᠂ ᠪᠤᠳᠠᠲᠠᠢ ᠦᠢᠯᠡ ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠶᠢᠨ ᠤᠯᠠᠭᠠᠨᠮᠦ᠋ᠴᠢᠷ ᠲᠤ ᠢᠯᠡᠭᠡᠭᠰᠡᠨ ᠬᠠᠷᠢᠭᠤ ᠵᠠᠬᠢᠳᠠᠯ ᠤᠨ ᠵᠤᠷᠢᠭ ᠰᠠᠨᠠᠭ᠎ᠠ ᠶᠢ ᠦᠢᠯᠡᠳᠦᠯᠭᠡᠵᠢᠬᠦᠯᠵᠦ ᠪᠠᠶᠢᠨ᠎ᠠ᠃ ᠡᠬᠦᠨ ᠤ ᠬᠠᠮᠳᠤ᠂ ᠤᠯᠠᠭᠠᠨᠮᠦ᠋ᠴᠢᠷ ᠤᠨ ᠬᠢᠨ ᠪᠠᠰᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠦ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠤᠶᠢᠰᠢᠳᠠ ᠶᠢᠨ ᠠᠵᠢᠯ ᠤᠨ ᠲᠤᠮᠳᠠᠬᠢ ᠴᠢᠬᠤᠯᠠ ᠡᠬᠦᠷᠭᠡ ᠪᠠᠨ ᠪᠤᠯᠭᠠᠵᠦ᠂ ᠨᠥᠯᠦᠭᠡᠯᠡᠬᠦ ᠬᠦᠴᠤᠨ ᠲᠠᠢ᠂ ᠤᠷᠢᠶᠠᠯᠠᠨ ᠲᠠᠶᠢᠴᠢᠯᠠᠬᠤ ᠬᠦᠴᠤᠨ ᠲᠠᠢ ᠨᠡᠩ ᠤᠯᠠᠨ ᠰᠢᠯᠢᠳᠡᠭ ᠪᠦᠳᠦᠭᠡᠯ ᠢ ᠵᠤᠬᠢᠶᠠᠨ ᠪᠦᠳᠦᠭᠡᠵᠦ᠂ ᠰᠤᠶᠤᠯ ᠤᠨ ᠢᠳᠡᠭᠡᠯ ᠢᠶᠠᠨ ᠪᠠᠳᠤᠳᠬᠠᠨ ᠪᠡᠶ᠎ᠡ ᠪᠠᠨ ᠲᠠᠭᠠᠭᠠᠵᠦ ᠬᠦᠴᠦᠷᠭᠡᠭᠵᠢᠬᠦ ᠶᠢ ᠠᠬᠢᠭᠤᠯᠵᠦ᠂ ᠨᠡᠶᠢᠬᠡᠮ ᠵᠢᠷᠤᠮᠳᠤ ᠰᠤᠶᠤᠯ ᠤᠨ ᠰᠢᠨ᠎ᠡ ᠬᠢᠯᠠᠯᠵᠠᠭᠰᠠᠨ ᠠᠮᠵᠢᠯᠳᠠ ᠶᠢ ᠪᠠᠶᠢᠭᠤᠯᠬᠤ ᠳᠤ ᠬᠦᠴᠤᠨ ᠵᠢᠳᠬᠦᠯ ᠢᠶᠠᠨ ᠭᠠᠷᠭᠠᠬᠤ ᠪᠠᠷ ᠴᠢᠷᠮᠠᠶᠢᠨ ᠠᠵᠢᠯᠯᠠᠵᠦ ᠪᠠᠶᠢᠨ᠎ᠠ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号