︽ᠰᠦᠨ ᠲᠠᠯᠠᠢ ᠶᠢᠨ ᠵᠡᠷᠭᠡᠯᠭᠡ︾ ᠭᠡᠬᠦ ᠺᠢᠨᠣ᠋
ᠨᠡᠶᠢᠲᠡᠯᠡᠭᠰᠡᠨ ᠴᠠᠭ᠄
2022/11/21
     ᠳᠡᠭᠡᠷ᠎ᠡ ᠵᠠᠭᠤᠨ ᠤ ᠵᠢᠷᠠᠭᠠᠳ ᠣᠨ ᠳᠤ ᠥᠪᠥᠷ ᠮᠣᠩᠭᠤᠯ ᠤᠨ ᠲᠠᠯ᠎ᠠ ᠨᠤᠲᠤᠭ ᠤᠨ ᠠᠷᠠᠳ ᠲᠦᠮᠡᠨ ᠱᠠᠩᠬᠠᠢ ᠶᠢᠨ 3000 ᠥᠨᠥᠴᠢᠨ ᠬᠡᠦᠬᠡᠳ ᠢ ᠥᠰᠬᠡᠵᠦ ᠬᠥᠮᠥᠵᠢᠭᠦᠯᠦᠭᠰᠡᠨ ᠦᠢᠯᠡ ᠶᠠᠪᠤᠳᠠᠯ ᠨᠢ ᠳᠤᠮᠳᠠᠳᠤ ᠶᠢᠨ ᠲᠡᠦᠬᠡᠨ ᠬᠠᠭᠤᠳᠠᠰᠤᠨ ᠳᠤ ᠥᠨᠢᠳᠡ ᠲᠡᠮᠳᠡᠭᠯᠡᠭᠳᠡᠵᠦ᠂ ᠱᠠᠩᠬᠠᠢ ᠶᠢᠨ ᠥᠨᠥᠴᠢᠨ ᠬᠡᠦᠬᠡᠳ ᠤᠳ ᠪᠣᠯᠣᠨ ᠲᠠᠯ᠎ᠠ ᠨᠤᠲᠤᠭ ᠲᠠᠬᠢ ᠲᠡᠵᠢᠭᠡᠵᠦ ᠥᠰᠬᠡᠭᠰᠡᠨ ᠬᠥᠮᠥᠰ ᠤᠨ ᠬᠢᠨᠢ ᠬᠠᠶᠢᠷ᠎ᠠ ᠰᠡᠳᠬᠢᠯ ᠬᠤᠪᠢ ᠪᠠᠷᠢᠯᠳᠤᠭ᠎ᠠ ᠶᠢᠨ ᠪᠣᠳᠠᠲᠤ ᠢᠯᠡᠷᠬᠡᠶᠢᠯᠡᠯ ᠪᠣᠯᠣᠭᠰᠠᠨ ᠶᠤᠮ᠃ ᠵᠢᠷᠠᠨ ᠵᠢᠯ ᠤᠨ ᠡᠮᠦᠨᠡᠬᠢ ᠡᠨᠡ ᠲᠡᠦᠬᠡᠲᠦ ᠦᠢᠯᠡ ᠶᠠᠪᠤᠳᠠᠯ ᠢᠶᠠᠷ ᠰᠢᠵᠢᠮᠯᠡᠨ᠂ ᠣᠳᠤᠷᠢᠳᠤᠭᠠᠴᠢ ᠡᠯ ᠳ᠋ᠦᠩ ᠱᠧᠩ ᠤᠨ ᠤᠳᠤᠷᠢᠳᠤᠭᠰᠠᠨ ︽ᠰᠦᠨ ᠲᠠᠯᠠᠢ ᠶᠢᠨ ᠵᠡᠷᠭᠡᠯᠭᠡ︾ ᠭᠡᠰᠡᠨ ᠺᠢᠨᠣ᠋ ᠡᠨᠡ ᠨᠠᠮᠤᠷ ᠦᠵᠡᠭᠴᠢᠳ ᠣᠯᠠᠨ ᠲᠠᠢ ᠪᠠᠨ ᠵᠣᠯᠭᠠᠵᠤ᠂ ᠬᠤᠶᠠᠷ ᠨᠤᠲᠤᠭ ᠤᠨ ᠠᠷᠠᠳ ᠢᠷᠭᠡᠳ᠂ ᠬᠤᠶᠠᠷ ᠦᠨᠳᠦᠰᠦᠲᠡᠨ ᠤ ᠠᠷᠠᠳ ᠣᠯᠠᠨ᠂ ᠬᠤᠶᠠᠷ ᠭᠡᠷ ᠤᠨ ᠦᠢᠯᠡ ᠤᠴᠠᠷᠠᠯ ᠢᠶᠠᠷ ᠳᠠᠮᠵᠢᠭᠤᠯᠤᠨ ᠳᠤᠮᠳᠠᠳᠤ ᠶᠢᠨ ᠦᠨᠳᠦᠰᠦᠲᠡᠨ ᠤ ᠪᠦᠯᠬᠦᠮᠳᠡᠯ ᠨᠢᠭᠲᠠᠷᠠᠯ ᠢ ᠦᠵᠡᠭᠴᠢᠳ ᠣᠯᠠᠨ ᠳᠤ ᠤᠬᠠᠭᠤᠯᠤᠨ ᠰᠤᠷᠲᠠᠯᠴᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠤᠬᠠᠭᠤᠯᠵᠤ᠂ ᠪᠤᠶᠠᠨᠰᠠᠭ ᠠᠷᠠᠳ ᠲᠦᠮᠡᠨ ᠤ ᠥᠷᠥᠰᠢᠶᠡᠯ ᠡᠨᠡᠷᠢᠩᠭᠦᠢ᠂ ᠴᠠᠶᠢᠯᠭᠠᠨ ᠴᠠᠭᠠᠪᠤᠷ᠂ ᠴᠢᠬᠡᠴᠢ ᠰᠢᠳᠤᠷᠭᠤ ᠳᠣᠲᠣᠭᠠᠳᠤ ᠰᠡᠳᠬᠢᠯ ᠤᠨ ᠶᠢᠷᠲᠢᠨᠴᠦ ᠶᠢ ᠳᠠᠶᠠᠭᠠᠷ ᠣᠯᠠᠨ ᠳᠤ ᠳᠡᠯᠭᠡᠨ ᠦᠵᠡᠭᠦᠯᠦᠭᠰᠡᠨ ᠶᠤᠮ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号