ᠪᠠ᠊ · ᠪᠢᠯᠢᠭ ᠣᠯᠠᠨ ᠤᠯᠤᠰ ᠤᠨ ᠱᠠᠩᠨᠠᠯ  ᠬᠦᠷᠲᠡᠵᠡᠢ
ᠨᠡᠶᠢᠲᠡᠯᠡᠭᠰᠡᠨ ᠴᠠᠭ᠄
2022/11/22
     ᠳᠤᠮᠳᠠᠳᠤ ᠤᠯᠤᠰ ᠢᠶᠠᠨ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠪᠣᠯᠭᠠᠨ ᠪᠦᠲᠦᠭᠡᠨ ᠪᠠᠶᠢᠭᠤᠯᠬᠤ ᠶᠢᠨ ᠲᠥᠯᠦᠭᠡ ᠪᠦᠬᠦ ᠠᠷᠠᠤᠨ ᠢᠶᠠᠷ ᠢᠶᠠᠨ ᠮᠡᠷᠡᠶᠢᠨ ᠴᠢᠷᠮᠠᠶᠢᠵᠤ ᠪᠠᠶᠢᠭ᠎ᠠ ᠦᠶ᠎ᠡ ᠳᠤ᠂ ᠮᠥᠨᠴᠦ ᠨᠠᠮ ᠤᠨ ᠬᠤᠷᠢᠳᠤᠭᠠᠷ ᠶᠡᠭᠡ ᠬᠤᠷᠠᠯ ᠢᠯᠠᠯᠲᠠ ᠲᠠᠢ ᠬᠤᠷᠠᠯᠳᠤᠬᠤ ᠠᠴᠠ ᠡᠮᠦᠨᠡᠬᠡᠨ ︽ᠠᠵᠢᠯ ᠤᠨ ᠴᠢᠯᠦᠭᠡᠨ ᠤ ᠪᠡᠶ᠎ᠡ ᠶᠢᠨ ᠲᠠᠮᠢᠷ︾ ᠭᠡᠬᠦ ᠰᠡᠳᠤᠪ ᠢᠶᠠᠷ ᠺᠷᠦᠲ᠋ᠢᠶ᠎ᠠ ᠤᠯᠤᠰ ᠲᠤ ᠶᠠᠪᠤᠭᠳᠠᠭᠰᠠᠨ 2022 ᠣᠨ ᠤ ᠳᠣᠯᠣᠳᠤᠭᠠᠷ ᠤᠳᠠᠭᠠᠨ ᠤ CAKOVEC ᠤᠯᠠᠨ ᠤᠯᠤᠰ ᠤᠨ ᠱᠤᠭ ᠵᠢᠷᠤᠭ ᠤᠨ ᠦᠵᠡᠰᠬᠦᠯᠡᠩ ᠳᠤ᠂ ᠥᠪᠤᠷ ᠮᠣᠩᠭᠤᠯ ᠤᠨ ᠰᠢᠯᠢ ᠶᠢᠨ ᠭᠤᠣᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠣᠩᠭᠤᠯ ᠬᠡᠯᠡ ᠰᠣᠶᠣᠯ ᠤᠷᠠᠯᠢᠭ ᠤᠨ ᠰᠠᠯᠪᠤᠷᠢ ᠶᠢᠨ ᠪᠠᠭᠰᠢ ᠪᠠ᠊ · ᠪᠢᠯᠢᠭ ᠤᠨ ᠵᠢᠷᠤᠭᠰᠠᠨ ᠱᠤᠭ ᠵᠢᠷᠤᠭ ᠨᠢ ᠲᠡᠷᠢᠭᠦᠨ ᠱᠠᠩᠨᠠᠯ ᠬᠦᠷᠲᠡᠭᠰᠡᠨ ᠪᠠᠶᠢᠨ᠎ᠠ᠃      ᠠᠮᠢᠳᠤᠷᠠᠯ ᠠᠴᠠ ᠰᠡᠳᠤᠪᠯᠡᠭᠰᠡᠨ ᠠᠯᠢᠪᠠ ᠤᠷᠠᠨ ᠪᠦᠲᠦᠭᠡᠯ ᠪᠦᠬᠦᠨ ᠠᠷᠠᠤᠨ ᠲᠦᠮᠡᠨ ᠤ ᠰᠡᠦᠨᠬᠢᠯ ᠳᠤ ᠬᠦᠷᠳᠡᠭ᠃ ᠬᠤᠪᠴᠠᠰᠤ ᠢᠯᠢᠭᠦᠷᠳᠡᠬᠦ ᠬᠠᠪᠲᠠᠰᠤᠨ ᠳᠡᠭᠡᠷ᠎ᠡ ᠪᠠᠨ ᠴᠠᠭ ᠵᠠᠢ ᠪᠠᠨ ᠵᠠᠶᠢᠴᠢᠯᠠᠨ ᠪᠡᠶ᠎ᠡ ᠪᠠᠨ ᠪᠤᠯᠪᠠᠰᠤᠷᠠᠭᠤᠯᠵᠤ ᠪᠠᠶᠢᠭ᠎ᠠ ᠡᠭᠡᠯ ᠨᠢᠭᠡᠨ ᠡᠮᠡᠭᠲᠡᠢ ᠶᠢᠨ ᠠᠮᠢᠳᠤᠷᠠᠯ ᠠᠬᠤᠢ ᠶᠢᠨ ᠪᠣᠷᠤ ᠲᠥᠯᠦᠪ ᠢ ᠪᠠᠭ᠎ᠠ ᠠᠴᠠ ᠶᠡᠭᠡ ᠂ ᠵᠢᠵᠢᠭ ᠠᠴᠠ ᠲᠣᠮᠣ ᠣᠷᠤᠭᠤ ᠰᠡᠦᠨᠬᠢᠳᠡᠭ ᠠᠷᠭ᠎ᠠ ᠪᠠᠷ ᠤᠷᠭᠤᠭᠤᠯᠤᠨ ᠪᠣᠳᠤᠵᠤ ᠤᠷᠠᠯᠠᠨ ᠪᠥᠲᠦᠭᠡᠭᠰᠡᠨ ᠪᠠ᠊ · ᠪᠢᠯᠢᠭ ᠪᠠᠭᠰᠢ ᠶᠢᠨ ︽ᠠᠵᠢᠯ ᠤᠨ ᠴᠢᠯᠦᠭᠡᠨ ᠤ ᠪᠡᠶ᠎ᠡ ᠶᠢᠨ ᠲᠠᠮᠢᠷ︾ ᠭᠡᠬᠦ ᠱᠤᠭ ᠵᠢᠷᠤᠭ ᠨᠢ ᠬᠦᠮᠦᠰ ᠲᠤ ︽ᠪᠡᠶ᠎ᠡ ᠪᠠᠶᠢᠪᠠᠯ ᠪᠡᠭᠡᠵᠢᠩ︾ ᠭᠡᠭᠴᠢ ᠶᠢᠨ ᠤᠤᠠᠬ᠎ᠠ ᠶᠢ ᠭᠦᠨ ᠮᠡᠳᠡᠷᠡᠭᠦᠯᠦᠭᠰᠡᠨ ᠮᠥᠷᠲᠡᠭᠡᠨ ᠡᠨᠡ ᠤᠳᠠᠭᠠᠨ ᠤ ᠣᠯᠠᠨ ᠤᠯᠤᠰ ᠤᠨ ᠱᠤᠭ ᠵᠢᠷᠤᠭ ᠤᠨ ᠦᠵᠡᠰᠬᠦᠯᠡᠩ ᠤᠨ ᠭᠤᠣᠯ ᠰᠡᠳᠤᠪ ᠲᠠᠢ ᠴᠤ ᠶᠠᠪ ᠴᠠᠪ ᠲᠠᠭᠠᠷᠠᠵᠤ ᠰᠠᠨᠠᠭ᠎ᠠ ᠣᠨᠤᠭ᠎ᠠ ᠨᠡᠶᠢᠯᠡᠭᠰᠡᠨ ᠨᠢ ᠮᠡᠳᠡᠭᠡᠵᠢ ᠶᠤᠮ᠃
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号