ᠤᠯᠤᠰ ᠤᠨ ᠲᠤᠭ᠎ᠠ ᠪᠦᠷᠢᠳᠭᠡᠯ ᠤᠨ ᠲᠤᠪᠴᠢᠶ᠎ᠡ᠄ 10 ᠰᠠᠷ᠎ᠠ ᠳᠤ ᠤᠯᠤᠰ ᠠᠷᠠᠳ ᠤᠨ ᠠᠵᠤ ᠠᠬᠤᠢ ᠰᠡᠷᠭᠦᠯᠲᠡ ᠶᠢᠨ ᠪᠠᠶᠢᠳᠠᠯ ᠢᠶᠠᠨ ᠪᠠᠲᠤᠯᠠᠪᠠ
ᠨᠡᠶᠢᠲᠡᠯᠡᠭᠰᠡᠨ ᠴᠠᠭ᠄
2022/11/22
     ᠤᠯᠤᠰ ᠤᠨ ᠲᠤᠭ᠎ᠠ ᠪᠦᠷᠢᠳᠬᠡᠯ ᠤᠨ ᠲᠤᠪᠴᠢᠶ᠎ᠡ ᠶᠢᠨ ᠨᠡᠶᠢᠲᠡᠯᠡᠭᠰᠡᠨ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ 10 ᠰᠠᠷ᠎ᠠ ᠳᠤ᠂ ᠤᠯᠤᠰ ᠠᠷᠠᠳ ᠤᠨ ᠠᠵᠤ ᠠᠬᠤᠢ ᠰᠡᠷᠭᠦᠯᠲᠡ ᠶᠢᠨ  ᠪᠠᠶᠢᠳᠠᠯ ᠢᠶᠠᠨ  ᠪᠠᠲᠤᠯᠠᠵᠤ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠲᠣᠭᠲᠠᠭᠤᠨ ᠢᠶᠠᠷ ᠨᠡᠮᠡᠭᠳᠡᠵᠦ᠂  ᠠᠵᠢᠯ  ᠣᠯᠭᠤᠯᠲᠠ᠂ ᠪᠠᠷᠠᠭᠠᠨ ᠤ ᠦᠨ᠎ᠡ ᠶᠡᠷᠦᠩᠬᠡᠢ ᠳᠡᠭᠡᠨ ᠲᠣᠭᠲᠠᠭᠤᠨ᠂ ᠰᠢᠨ᠎ᠡ ᠬᠥᠳᠡᠯᠭᠡᠬᠦ ᠬᠦᠴᠦᠨ ᠤ  ᠬᠤᠷᠠᠮᠳᠤᠯᠭ᠎ᠠ  ᠴᠢᠩᠭᠠᠷᠠᠵᠤ᠂  ᠠᠷᠠᠳ ᠤᠨ  ᠠᠮᠢᠳᠤᠷᠠᠯ ᠤᠨ ᠪᠠᠲᠤᠯᠠᠭ᠎ᠠ ᠪᠦᠲᠦᠮᠵᠢᠲᠡᠢ ᠪᠠᠶᠢᠵᠤ᠂ ᠠᠵᠤ ᠠᠬᠤᠢ ᠨᠡᠶᠢᠭᠡᠮ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠢ ᠪᠠᠲᠤᠯᠠᠪᠠ᠃              ᠪᠦᠷᠢᠳᠬᠡᠯ  ᠲᠤᠭ᠎ᠠ  ᠪᠠᠷᠢᠮᠲᠠ ᠠᠴᠠ  ᠦᠵᠡᠪᠡᠯ᠂  ᠠᠵᠤ  ᠦᠢᠯᠡᠳᠪᠦᠷᠢ ᠶᠢᠨ ᠦᠢᠯᠡᠳᠪᠦᠷᠢᠯᠡᠯ ᠤᠨ   ᠬᠡᠮᠵᠢᠶ᠎ᠡ ᠦᠷᠭᠦᠯᠵᠢᠯᠡᠨ ᠨᠡᠮᠡᠭᠳᠡᠵᠦ᠂ ᠦᠢᠯᠡᠴᠢᠯᠡᠭᠡᠨ ᠤ ᠦᠢᠯᠡᠰ ᠦᠷᠭᠦᠯᠵᠢᠯᠡᠨ ᠰᠡᠷᠭᠦᠵᠦ ᠪᠠᠶᠢᠨ᠎ᠠ᠃  1   ᠠᠴᠠ 10 ᠰᠠᠷ᠎ᠠ ᠳᠤ᠂ ᠪᠥᠬᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ  ᠥᠷᠲᠡᠭ  ᠳᠡᠭᠡᠷ᠎ᠡ  ᠵᠢᠯ ᠤᠨ  ᠠᠳᠠᠯᠢ ᠬᠤᠭᠤᠴᠠᠭᠠᠨ ᠤ ᠬᠢ ᠠᠴᠠ 4% ᠪᠠᠷ  ᠨᠡᠮᠡᠭᠳᠡᠵᠦ᠂  1   ᠠᠴᠠ 9 ᠰᠠᠷ᠎ᠠ ᠶᠢᠨ ᠬᠢ ᠠᠴᠠ 0.1 ᠵᠠᠭᠤᠨ ᠤ ᠬᠤᠪᠢ ᠲᠦᠷᠭᠡᠳᠪᠡ︔ ᠪᠥᠬᠦ ᠤᠯᠤᠰ ᠤᠨ ᠦᠢᠯᠡᠴᠢᠯᠡᠭᠡᠨ ᠤ ᠦᠢᠯᠡᠰ ᠤᠨ ᠦᠢᠯᠡᠳᠪᠦᠷᠢᠯᠡᠯ ᠤᠨ ᠵᠢᠭᠠᠯᠲᠠ ᠲᠤᠭ᠎ᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.1% ᠪᠠᠷ ᠨᠡᠮᠡᠭᠳᠡᠵᠦ᠂ 1 ᠠᠴᠠ 9 ᠰᠠᠷ᠎ᠠ ᠶᠢᠨ ᠬᠢ ᠲᠠᠢ ᠠᠳᠡᠯᠢᠪᠳᠤᠷ᠃10 ᠰᠠᠷ᠎ᠠ ᠳᠤ᠂ ᠪᠥᠬᠦ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 5% ᠪᠠᠷ ᠨᠡᠮᠡᠭᠳᠡᠪᠡ︔  ᠪᠦᠬᠦ ᠤᠯᠤᠰ ᠤᠨ  ᠦᠢᠯᠡᠴᠢᠯᠡᠭᠡᠨ ᠤ ᠦᠢᠯᠡᠰ ᠤᠨ ᠦᠢᠯᠡᠳᠪᠦᠷᠢᠯᠡᠯ ᠤᠨ ᠵᠢᠭᠠᠯᠲᠠ ᠲᠤᠭ᠎ᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.1% ᠪᠠᠷ ᠨᠡᠮᠡᠭᠳᠡᠪᠡ᠃ ᠵᠠᠬ᠎ᠠ ᠳᠡᠯᠭᠡᠭᠦᠷ ᠤᠨ  ᠪᠣᠷᠣᠯᠠᠭᠤᠯᠭ᠎ᠠ   ᠶᠢᠨ  ᠬᠡᠮᠵᠢᠶ᠎ᠡ  ᠤᠳᠠᠭᠠᠰᠢᠷᠠᠵᠤ᠂ ᠲᠣᠭᠲᠠᠮᠠᠯ ᠬᠦ᠋ᠷᠦᠩᠭᠡ ᠶᠢᠨ ᠪᠡᠯᠡ‌ᠣᠷᠣᠭᠤᠯᠤᠯᠲᠠ ᠲᠣᠭᠲᠠᠭᠤᠨ ᠢᠶᠠᠷ ᠨᠡᠮᠡᠭᠳᠡᠪᠡ᠃ 1 ᠠᠴᠠ 10 ᠰᠠᠷ᠎ᠠ ᠪᠣᠯᠲᠠᠯ᠎ᠠ᠂ ᠨᠡᠶᠢᠭᠡᠮ ᠤᠨ  ᠬᠡᠷᠡᠭᠯᠡᠭᠡᠨ ᠤ ᠵᠦᠢᠯᠡᠰ ᠢ ᠰᠤᠯᠨ ᠪᠠᠷ ᠬᠤᠳᠠᠯᠳᠤᠭᠰᠠᠨ ᠶᠡᠷᠦᠩᠬᠡᠢ ᠬᠡᠮᠵᠢᠶ᠎ᠡ 360575 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.6% ᠪᠠᠷ ᠨᠡᠮᠡᠭᠳᠡᠵᠦ᠂ 1 ᠠᠴᠠ 9 ᠰᠠᠷ᠎ᠠ ᠶᠢᠨ ᠬᠢ ᠠᠴᠠ 0.1  ᠵᠠᠭᠤᠨ ᠤ  ᠬᠤᠪᠢ ᠪᠠᠭᠤᠷᠠᠪᠠ︔ ᠪᠥᠬᠦ ᠤᠯᠤᠰ ᠤᠨ ᠲᠣᠭᠲᠠᠮᠠᠯ ᠬᠥᠷᠥᠩᠭᠡ ᠶᠢᠨ ᠪᠠᠯᠠ  ᠣᠷᠣᠭᠤᠯᠤᠯᠲᠠ ︵ᠲᠠᠷᠢᠶᠠᠴᠢᠨ  ᠡᠷᠦᠬᠡ ᠶᠢ  ᠪᠠᠭᠲᠠᠭᠠᠬᠤ ᠥᠬᠡᠶ︶   ᠨᠢ  ᠳᠡᠭᠡᠷ᠎ᠡ  ᠵᠢᠯ ᠤᠨ  ᠠᠳᠠᠯᠢ  ᠬᠤᠭᠤᠴᠠᠭᠠᠨ ᠤ ᠬᠢ ᠠᠴᠠ   5.8% ᠪᠠᠷ  ᠨᠡᠮᠡᠭᠳᠡᠵᠦ᠂  1   ᠠᠴᠠ   9ᠰᠠᠷ᠎ᠠ ᠶᠢᠨ ᠬᠢ ᠠᠴᠠ 0.1 ᠵᠠᠭᠤᠨ ᠤ ᠬᠤᠪᠢ ᠪᠠᠭᠤᠷᠠᠵᠤ᠂ 10 ᠰᠠᠷ᠎ᠠ ᠨᠢ ᠲᠦᠷᠦᠭᠦᠤ ᠰᠠᠷ᠎ᠠ ᠶᠢᠨ ᠬᠢ ᠠᠴᠠ  0.12% ᠢᠶᠠᠷ ᠨᠡᠮᠡᠭᠳᠡᠪᠡ᠃ ᠪᠠᠷᠠᠭᠠᠨ ᠤ ᠭᠠᠳᠡᠭᠠᠳᠤ  ᠠᠷᠡᠯᠵᠢᠶᠡᠡ   ᠤ ᠬᠡᠪᠴᠢᠶ᠎ᠠ  ᠥᠷᠭᠡᠳᠴᠦ᠂  ᠠᠷᠠᠯᠵᠢᠶᠠᠨ ᠤ  ᠪᠦᠲᠦᠴᠠ  ᠦᠷᠭᠦᠯᠵᠢᠯᠠᠨ ᠰᠢᠯᠢᠳᠡᠭᠵᠢᠭᠰᠡᠨ ᠪᠠᠶᠢᠨ᠎ᠠ᠃ 1 ᠠᠴᠠ 10 ᠰᠠᠷ᠎ᠠ ᠪᠣᠯᠲᠠᠯ᠎ᠠ᠂ ᠪᠠᠷᠠᠭᠠᠨ ᠤ ᠭᠠᠳᠠᠭᠠᠳᠤ ᠠᠷᠡᠯᠵᠢᠶᠡᠡ ᠤ ᠶᠡᠷᠦᠩᠬᠡᠢ ᠬᠡᠮᠵᠢᠶ᠎ᠡ   ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 9.5% ᠪᠠᠷ ᠨᠡᠮᠡᠭᠳᠡᠵᠡᠢ᠃ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠲᠣᠭᠲᠠᠭᠤᠨ ᠢᠶᠠᠷ ᠥᠰᠪᠡ᠃ 1 ᠠᠴᠠ 10 ᠰᠠᠷ᠎ᠠ ᠪᠣᠯᠲᠠᠯ᠎ᠠ᠂ ᠪᠥᠬᠦ ᠤᠯᠤᠰ ᠤᠨ ᠬᠤᠲᠠ ᠪᠠᠯᠭᠠᠰᠤᠨ ᠤ ᠠᠵᠢᠯ ᠠᠯᠳᠠᠯᠲᠠ ᠶᠢᠨ ᠳᠤᠮᠳᠠᠴᠢ ᠨᠣᠷᠮ᠎ᠠ 5.6% ᠪᠠᠶᠢᠪᠠ︔ ᠪᠥᠬᠦ  ᠤᠯᠤᠰ ᠤᠨ  ᠰᠠᠭᠤᠭᠠᠯᠢ  ᠠᠷᠠᠳ ᠤᠨ  ᠬᠡᠷᠡᠭᠯᠡᠭᠡᠨ ᠤ ᠦᠨ᠎ᠡ ᠶᠢᠨ ᠵᠢᠭᠠᠯᠲᠠ ᠲᠤᠭ᠎ᠠ ︵CPI︶ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2% ᠢᠶᠠᠷ ᠨᠡᠮᠡᠭᠳᠡᠪᠡ᠃  
 
ᠢᠷᠡᠯᠲᠡ᠄ ᠦᠪᠣᠷ ᠮᠣᠩᠭᠤᠯ ᠤᠨ ᠮᠣᠩᠭᠤᠯ ᠷᠠᠳᠢᠣ᠋
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号