2024 ᠣᠨ ᠤ ᠣᠯᠧᠮᠫᠢᠺ ᠤᠨ ᠪᠢᠯᠧᠲ ᠢ ᠢᠷᠡᠬᠦ ᠰᠠᠷ᠎ᠠ ᠠᠴᠠ ᠬᠤᠳᠠᠯᠳᠤᠨ᠎ᠠ
ᠨᠡᠶᠢᠲᠡᠯᠡᠭᠰᠡᠨ ᠴᠠᠭ᠄
2022/11/29
    2024 ᠣᠨ ᠤ ᠫᠠᠷᠢᠰ ᠤᠨ ᠣᠯᠧᠮᠫᠢᠺ ᠤᠨ ᠴᠤᠭᠯᠠᠭᠠᠨ ᠤ ᠪᠢᠯᠧᠲ ᠢ 2022 ᠣᠨ ᠤ 12 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠵᠦ ᠬᠤᠶᠠᠷ ᠡᠭᠡᠯᠵᠢ ᠬᠤᠪᠢᠶᠠᠵᠤ ᠵᠠᠬᠢᠶᠠᠯᠠᠭ᠎ᠠ ᠪᠠᠷ ᠬᠤᠳᠠᠯᠳᠤᠨ᠎ᠠ ᠭᠡᠵᠦ ᠫᠠᠷᠢᠰ ᠤᠨ ᠣᠯᠧᠮᠫᠢᠺ ᠤᠨ ᠴᠤᠭᠯᠠᠭᠠᠨ ᠢ ᠵᠣᠬᠢᠶᠠᠨ ᠪᠠᠶᠢᠭᠤᠯᠬᠤ ᠺᠣᠮᠢᠰ ᠲᠤᠬᠠᠢ ᠶᠢᠨ ᠭᠠᠵᠠᠷ ᠤᠨ ᠴᠠᠭ ᠢᠶᠠᠷ 28 ᠎ ᠤ ᠡᠳᠦᠷ ᠨᠡᠶᠢᠲᠡᠯᠡᠭᠰᠡᠨ  ᠪᠠᠶᠢᠨ᠎ᠠ᠃ ᠥᠩᠭᠡᠷᠡᠭᠰᠡᠨ ᠳᠤ᠂  ᠣᠯᠧᠮᠫᠢᠺ ᠤᠨ ᠪᠢᠯᠧᠲ ᠢ ᠡᠯ᠎ᠡ ᠤᠯᠤᠰ ᠤᠨ ᠣᠯᠧᠮᠫᠢᠺ ᠤᠨ ᠴᠤᠭᠯᠠᠭᠠᠨ ᠢ ᠵᠣᠬᠢᠶᠠᠨ ᠪᠠᠶᠢᠭᠤᠯᠬᠤ ᠺᠣᠮᠢᠰ ᠲᠤ ᠨᠠᠶᠢᠳᠠᠵᠤ  ᠬᠤᠳᠠᠯᠳᠤᠳᠠᠭ ᠪᠠᠶᠢᠭᠰᠠᠨ ᠪᠣᠯ ᠡᠨᠡ ᠤᠳᠠᠭ᠎ᠠ ᠦᠵᠡᠭᠴᠢ ᠰᠣᠨᠢᠷᠬᠠᠭᠴᠢᠳ ᠫᠠᠷᠢᠰ ᠤᠨ ᠣᠯᠧᠮᠫᠢᠺ ᠤᠨ ᠴᠤᠭᠯᠠᠭᠠᠨ ᠢ ᠵᠣᠬᠢᠶᠠᠨ ᠪᠠᠶᠢᠭᠤᠯᠬᠤ ᠺᠣᠮᠢᠰ ᠤᠨ ᠪᠢᠯᠧᠲ  ᠬᠤᠳᠠᠯᠳᠤᠬᠤ ᠰᠦᠯᠵᠢᠶᠡᠨ ᠳᠤ ᠭᠠᠷᠴᠤ ᠰᠤᠭᠤᠯᠠᠭ᠎ᠠ ᠪᠠᠷ ᠪᠢᠯᠧᠲ ᠢᠶᠠᠨ ᠰᠢᠭᠤᠳ ᠵᠠᠬᠢᠶᠠᠯᠠᠵᠤ ᠠᠪᠬᠤ ᠶᠤᠮ ᠪᠠᠶᠢᠨ᠎ᠠ᠃     ᠲᠡᠭᠡᠪᠡᠯ᠂ ᠡᠨᠡ ᠬᠤᠭᠤᠴᠠᠭᠠᠨ ᠤ ᠣᠯᠧᠮᠫᠢᠺ ᠤᠨ ᠴᠤᠭᠯᠠᠭᠠᠨ ᠤ ᠪᠢᠯᠧᠲ ᠢ 2022 ᠣᠨ ᠤ 12 ᠳ᠋ᠤᠭᠠᠷ ᠰᠠᠷ᠎ᠠ ᠶᠢᠨ 1᠎ ᠠᠴᠠ 2023 ᠣᠨ ᠤ ᠨᠢᠭᠡᠳᠦᠭᠡᠷ ᠰᠠᠷ᠎ᠠ ᠶᠢᠨ 31᠎ ᠤ ᠡᠳᠦᠷ ᠪᠣᠯᠲᠠᠯ᠎ᠠ᠂ ᠢᠷᠡᠬᠦ ᠵᠢᠯ ᠤᠨ ᠭᠤᠷᠪᠠᠳᠤᠭᠠᠷ ᠰᠠᠷ᠎ᠠ ᠠᠴᠠ ᠲᠠᠪᠤᠳᠤᠭᠠᠷ ᠰᠠᠷ᠎ᠠ ᠪᠣᠯᠲᠠᠯ᠎ᠠ ᠬᠤᠶᠠᠷ ᠡᠭᠡᠯᠵᠢ ᠬᠤᠪᠢᠶᠠᠵᠤ ᠬᠤᠳᠠᠯᠳᠤᠬᠤ ᠪᠥᠭᠡᠳ ᠠᠯᠪᠠᠨ ᠤ ᠰᠦᠯᠵᠢᠶ᠎ᠡ ᠨᠢ ᠠᠩᠭ᠍ᠯᠢ᠂ ᠹᠷᠠᠨᠼᠢ ᠬᠤᠶᠠᠷ ᠬᠡᠯᠡ ᠪᠠᠷ ᠦᠢᠯᠡᠴᠢᠯᠡᠭᠡ ᠬᠠᠩᠭᠠᠬᠤ ᠪᠣᠯᠣᠨ᠎ᠠ᠃     ᠠᠩᠬᠠᠷᠤᠭᠤᠰᠢᠲᠠᠢ ᠨᠢ ᠭᠡᠪᠡᠯ᠂ ᠪᠢᠯᠧᠲ ᠢ ᠥᠪᠡᠷ ᠤᠨ ᠨᠡᠷ᠎ᠡ ᠪᠠᠷ ᠳᠠᠩᠰᠠᠯᠠᠭᠤᠯᠵᠤ ᠵᠠᠬᠢᠶᠠᠯᠠᠬᠤ ᠪᠥᠭᠡᠳ ᠨᠢᠭᠡ ᠬᠥᠮᠥᠨ ᠬᠠᠮᠤᠭ ᠤᠨ ᠣᠯᠠᠨ ᠳᠠᠭᠠᠨ 30 ᠪᠢᠯᠧᠲ ᠯᠡ ᠵᠠᠬᠢᠶᠠᠯᠠᠵᠤ ᠪᠣᠯᠣᠨ᠎ᠠ᠃     ᠡᠨᠡ ᠬᠤᠶᠠᠷ ᠡᠭᠡᠯᠵᠢᠨ ᠳᠤ 1000 ᠲᠦᠮᠡ ᠣᠷᠴᠢᠮ ᠪᠢᠯᠧᠲ ᠬᠤᠳᠠᠯᠳᠤᠬᠤ ᠪᠥᠭᠡᠳ ᠪᠠᠷᠤᠭ ᠬᠠᠭᠠᠰ ᠢ ᠎ ᠨᠢ 50 ᠡᠸᠦ᠋ᠷᠦᠫᠡ ᠵᠣᠭᠤᠰ ᠳᠠᠷᠤᠢ 370 ᠣᠷᠴᠢᠮ ᠲᠥᠭᠦᠷᠢᠭ ᠪᠤᠶᠤ ᠲᠡᠭᠦᠨ ᠠᠴᠠ ᠴᠦ ᠬᠢᠮᠳᠠ ᠦᠨ᠎ᠡ ᠪᠠᠷ ᠬᠤᠳᠠᠯᠳᠤᠬᠤ ᠶᠤᠮ ᠪᠠᠶᠢᠨ᠎ᠠ᠃            
 
ᠢᠷᠡᠯᠲᠡ᠄ ᠲᠣᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号